Та "Internet explorer"-ийн сүүлийн хувилбар болох "Microsoft edge"-г ашиглана уу

Хэрэв "Microsoft edge"-г татах бол энд дарж татаж авна уу

thumbnail 2025.06.15 Shine Harhorum hotiin buteen baiguulalt alban ysoor ehellee 1
2025.06.15 Shine Harhorum hotiin buteen baiguulalt alban ysoor ehellee 1
ᠰᠢᠨ᠎ᠡ ᠬᠠᠷᠠᠬᠣᠷᠤᠮ ᠬᠣᠲᠠ ᠢᠢᠨ ᠪᠦᠲᠦᠭᠡᠨ ᠪᠠᠢᠢᠭᠤᠯᠤᠯᠲᠠ ᠠᠯᠪᠠᠨ ᠶᠣᠰᠤ ᠪᠠᠷ ᠡᠬᠢᠯᠡᠯ᠎ᠡ

2022 ᠣᠨ ᠳᠤ ᠶᠡᠬᠡ ᠡᠵᠡᠨ ᠴᠢᠩᠬᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠪᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠡᠯᠡᠬᠡᠶ ᠢᠢᠨ ᠦᠨᠡᠲᠦ ᠥᠪ᠂ ᠲᠡᠦᠬᠡ᠂ ᠰᠣᠶᠤᠯ ᠤᠨ ᠳᠤᠷᠠᠰᠬᠠᠯᠲᠤ ᠭᠠᠵᠠᠷ ᠣᠷᠬᠤᠨ ᠤ ᠬᠥᠨᠳᠡᠶ ᠳᠥ ᠰᠢᠨ᠎ᠡ ᠬᠠᠷᠠᠬᠣᠷᠤᠮ ᠬᠣᠲᠠ ᠢᠢ ᠰᠡᠷᠭᠦᠭᠡᠨ ᠪᠠᠢᠢᠭᠤᠯᠬᠤ ᠵᠠᠷᠯᠢᠭ ᠭᠠᠷᠭᠠᠭᠰᠠᠨ᠃

ᠮᠣᠩ᠋ᠭᠤᠯᠴᠤᠳ ᠤᠨ ᠲᠡᠦᠬᠡᠨ ᠤᠯᠠᠮᠵᠢᠯᠠᠯ᠂ ᠬᠦᠰᠡᠯ ᠲᠡᠮᠡᠦᠯᠦᠯ᠂ ᠡᠪ ᠨᠢᠭᠡᠳᠦᠯ᠂ ᠰᠢᠳᠤᠷᠭᠤ ᠶᠣᠰᠤ᠂ ᠴᠣᠭ ᠬᠡᠢᠢᠮᠣᠷᠢ ᠢᠢᠨ ᠢᠯᠡᠷᠬᠡᠢᠢᠯᠡᠯ ᠪᠣᠯᠤᠭᠰᠠᠨ ᠲᠥᠷᠦ ᠢᠢᠨ ᠳᠠᠯᠪᠠᠭ᠎ᠠ ᠢᠢ ᠶᠡᠷᠦᠩᠬᠡᠢᠢᠯᠡᠭᠴᠢ ᠢᠢᠨ ᠵᠠᠷᠯᠢᠭ ᠤᠨ ᠳᠠᠭᠠᠭᠤ «ᠶᠡᠬᠡ ᠬᠠᠭᠠᠳ ᠤᠨ ᠴᠡᠴᠡᠷᠯᠢᠭᠲᠦ ᠬᠦᠷᠢᠶᠡᠯᠡᠩ» ᠳ᠋ᠥ ᠥᠨᠢ ᠮᠥᠩᠬᠡᠳᠡ ᠮᠠᠨᠳᠤᠭᠤᠯᠬᠤ ᠶᠣᠰᠤᠯᠠᠯ ᠢᠶᠠᠷ ᠬᠠᠷᠠᠬᠣᠷᠤᠮ ᠬᠣᠲᠠ ᠢᠢᠨ ᠪᠦᠲᠦᠭᠡᠨ ᠪᠠᠢᠢᠭᠤᠯᠤᠯᠲᠠ

thumbnail 2025.06.15 Gadaad uls ornuudiin turiin terguun nar YK Khurelsukhed mendchilgee dewshuulseer bna
2025.06.15 Gadaad uls ornuudiin turiin terguun nar YK Khurelsukhed mendchilgee dewshuulseer bna
ᠭᠠᠳᠠᠭᠠᠳᠤ ᠤᠯᠤᠰ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠮᠡᠨᠳᠦᠴᠢᠯᠡᠭᠡ ᠳᠡᠪᠰᠢᠭᠦᠯᠦᠭᠰᠡᠭᠡᠷ ᠪᠠᠢᠢᠨ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠥᠷᠦᠭᠰᠡᠨ ᠡᠳᠦᠷ ᠢ ᠲᠣᠬᠢᠶᠠᠯᠳᠤᠭᠤᠯᠤᠨ ᠭᠠᠳᠠᠭᠠᠳᠤ ᠢᠢᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠮᠡᠨᠳᠦᠴᠢᠯᠡᠭᠡ ᠳᠡᠪᠰᠢᠭᠦᠯᠦᠭᠰᠡᠭᠡᠷ ᠪᠠᠢᠢᠨ᠎ᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠋ᠫᠢᠩ:

ᠬᠢᠲᠠᠳ᠂ ᠮᠣᠩ᠋ᠭᠤᠯ ᠬᠣᠶᠠᠷ ᠤᠯᠤᠰ ᠠᠭᠤᠯᠠ᠂ ᠤᠰᠤ ᠪᠠᠷ ᠬᠣᠯᠪᠤᠭᠳᠠᠭᠰᠠᠨ ᠰᠠᠢᠢᠨ ᠬᠥᠷᠰᠢ᠂ ᠰᠠᠢᠢᠨ ᠲᠦᠩᠰᠢ ᠪᠢᠯᠡ᠃ ᠲᠠ ᠬᠢᠲᠠᠳ᠂ ᠮᠣᠩ᠋ᠭᠤᠯ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠤ ᠬᠥᠭ᠍ᠵᠢᠯ ᠳᠥ ᠲᠦᠯᠬᠢᠴᠡ ᠦᠵᠡᠭᠦᠯᠵᠦ᠂ ᠨᠠᠢᠢᠷᠰᠠᠭ ᠬᠠᠮᠲᠤ ᠢᠢᠨ ᠠᠵᠢᠯᠯᠠᠭᠠᠨ ᠳᠤ ᠤᠷᠲᠤ ᠬᠤᠭᠤᠴᠠᠭᠠᠨ ᠤ ᠲᠤᠷᠰᠢ ᠠᠩᠬᠠᠷᠴᠤ᠂ ᠳᠡᠮᠵᠢᠵᠦ ᠢᠷᠡᠭᠰᠡᠨ᠃ ᠮᠢᠨᠦ ᠪᠡᠶ᠎ᠡ ᠬᠢᠲᠠᠳ᠂ ᠮᠣᠩ᠋ᠭᠤᠯ ᠤᠨ ᠬᠠᠷᠢᠯᠴᠠᠭ᠎ᠠ ᠢᠢ ᠬᠥᠭ᠍ᠵᠢᠭᠦᠯᠬᠦ ᠢᠢ

thumbnail 2025.06.13 Altanhuygiin Uilstugulduriig YK-iin Tamgiin gazriin dargaar tomilloo
2025.06.13 Altanhuygiin Uilstugulduriig YK-iin Tamgiin gazriin dargaar tomilloo
ᠠᠯᠲᠠᠩᠬᠤᠶᠠᠭ ᠤᠨ ᠦᠢᠯᠡᠰᠲᠡᠭᠦᠯᠳᠡᠷ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠪᠠᠷ ᠲᠣᠮᠢᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠬᠢᠷᠤᠮᠵᠢ ᠭᠠᠷᠭᠠᠨ᠂ ᠠᠯᠲᠠᠩᠬᠤᠶᠠᠭ ᠤᠨ ᠦᠢᠯᠡᠰᠲᠡᠭᠦᠯᠳᠡᠷ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠪᠠᠷ ᠲᠣᠮᠢᠯᠠᠯ᠎ᠠ᠃

ᠠᠯᠲᠠᠩᠬᠤᠶᠠᠭ ᠤᠨ ᠦᠢᠯᠡᠰᠲᠡᠭᠦᠯᠳᠡᠷ ᠨᠢ:

1999-2003 ᠣᠨ ᠳᠤ ᠮᠣᠩ᠋ᠭᠤᠯ ᠤᠨ ᠦᠨᠳᠦᠰᠦᠨ ᠦ ᠣᠯᠠᠨ ᠨᠡᠶᠢᠲᠡ ᠶᠢᠨ ᠷᠠᠳᠢᠣ᠋ ᠲᠧᠯᠧᠸᠢᠽ ᠳ᠋ᠤ ᠬᠥᠲᠦᠯᠦᠭᠴᠢ᠂

2002-2006 ᠣᠨ ᠳᠤ «ᠤᠯᠠᠭᠠᠨᠪᠠᠭᠠᠲᠤᠷ» ᠷᠠᠳᠢᠣ᠋᠂ FM-101·7 ᠳ᠋ᠤ ᠬᠥᠲᠦᠯᠦᠭᠴᠢ᠂ ᠨᠠᠢᠢᠷᠠᠭᠤᠯᠤᠭᠴᠢ᠂

2006-2009 ᠣᠨ ᠳᠤ FM-104 ᠷᠠᠳᠢᠣ᠋ ᠳᠤ ᠵᠠᠬᠢᠷᠤᠯ᠂

2009-2011 ᠣᠨ ᠳᠤ ТВ-8 ᠲᠧᠯᠧᠸᠢᠽ ᠳᠥ ᠵᠠᠬᠢᠷᠤᠯ᠂

2011-2013 ᠣᠨ ᠳᠤ SEVEN ᠲᠧᠯᠧᠸᠢᠽ ᠳᠥ ᠵᠠᠬᠢᠷᠤᠯ᠂

2013-2014 ᠣᠨ ᠳᠤ ᠨᠡᠶᠢᠭᠡᠮ ᠦᠨ ᠠᠷᠠᠳᠴᠢᠯᠠᠯ ᠮᠣᠩ᠋ᠭᠤᠯ ᠤᠨ ᠵᠠᠯᠠᠭᠤᠴᠤᠳ ᠤᠨ ᠬᠣᠯᠪᠤᠭᠠᠨ ᠤ ᠬᠡᠪᠯᠡᠯ ᠮᠡᠳᠡᠭᠡᠯᠡᠯ᠂ ᠣᠯᠠᠨ ᠨᠡᠢᠢᠲᠡ ᠲᠡᠢ ᠬᠠᠷᠢᠯᠴᠠᠬᠤ ᠬᠡᠯᠲᠡᠰ ᠦᠨ ᠳᠠᠷᠤᠭ᠎ᠠ᠂

2016 ᠣᠨ ᠠᠴᠠ ᠨᠡᠶᠢᠭᠡᠮ ᠦᠨ ᠠᠷᠠᠳᠴᠢᠯᠠᠯ ᠮᠣᠩ᠋ᠭᠤᠯ ᠤᠨ ᠵᠠᠯᠠᠭᠤᠴᠤᠳ ᠤᠨ

thumbnail 2025.06.10 Zandanshatariig YS-d tomiloh sanal oruullaa
2025.06.10 Zandanshatariig YS-d tomiloh sanal oruullaa
ᠭᠣ᠊·ᠽᠠᠨᠳᠠᠨᠰᠢᠲᠠᠷ᠎ᠠ ᠢᠢ ᠶᠡᠷᠦᠩᠬᠡᠶ ᠰᠠᠢᠢᠳ ᠢᠶᠠᠷ ᠲᠣᠮᠢᠯᠠᠬᠤ ᠰᠠᠨᠠᠯ ᠣᠷᠤᠭᠤᠯᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠬᠠᠤᠯᠢ ᠢᠢᠨ ᠭᠤᠴᠢᠨ ᠶᠢᠰᠦ᠊ᠳ᠋ᠦᠭᠡᠷ ᠵᠦᠢᠯ ᠦᠨ 2 ᠳ᠋ᠠᠬᠢ ᠬᠡᠰᠡᠭ ᠲᠥ ᠵᠢᠭᠠᠭᠰᠠᠨ ᠤ ᠳᠠᠭᠠᠭᠤ ᠭᠣᠮᠪᠤᠵᠠᠪ ᠤᠨ ᠽᠠᠨᠳᠠᠨᠰᠢᠲᠠᠷ ᠠ ᠢᠢ ᠮᠣᠩ᠋ᠭᠤᠯ ᠤᠯᠤᠰ ᠤᠨ ᠶᠡᠷᠦᠩᠬᠡᠶ ᠰᠠᠢᠢᠳ ᠢᠶᠠᠷ ᠲᠣᠮᠢᠯᠠᠬᠤ ᠰᠠᠨᠠᠯ ᠢᠶᠠᠨ ᠤᠯᠤᠰ ᠤᠨ ᠶᠡᠬᠡ ᠬᠤᠷᠠᠯ ᠳᠤ ᠣᠷᠤᠭᠤᠯᠤᠯ᠎ᠠ᠃

ᠮᠣᠩ᠋ᠭᠤᠯ ᠠᠷᠠᠳ ᠤᠨ ᠨᠠᠮ ᠤᠨ ᠳᠣᠯᠤᠭᠠᠳ᠋ᠤᠭᠠᠷ ᠪᠠᠭ᠎ᠠ ᠬᠤᠷᠠᠯ ᠠᠴᠠ ᠲᠤᠰ ᠨᠠᠮ ᠤᠨ ᠤᠳᠤᠷᠢᠳᠬᠤ ᠵᠥᠪᠯᠡᠯ ᠦᠨ ᠭᠡᠰᠢᠭᠦᠨ ᠭᠣ᠊·ᠽᠠᠨᠳᠠᠨᠰᠢᠲᠠᠷ ᠠ ᠢᠢ ᠮᠣᠩ᠋ᠭᠤᠯ ᠤᠯᠤᠰ ᠤᠨ ᠶᠡᠷᠦᠩᠬᠡᠶ ᠰᠠᠢᠢᠳ ᠲᠤ ᠨᠡᠷ᠎ᠡ ᠳᠡᠪᠰᠢᠭᠦᠯᠬᠦ ᠪᠡᠷ ᠰᠢᠢᠳᠪᠦᠷᠢᠯᠡᠭᠰᠡᠨ᠃

ᠡᠨᠡ ᠳᠠᠭᠠᠭᠤ ᠮᠣᠩ᠋ᠭᠤᠯ ᠠᠷᠠᠳ ᠤᠨ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠶᠠ᠊·ᠰᠣᠳᠤᠪᠠᠭᠠᠲᠤᠷ ᠶᠡᠷᠦᠩᠬᠡᠶ ᠰᠠᠢᠢᠳ ᠲᠤ ᠭᠣ᠊·ᠽᠠᠨᠳᠠᠨᠰᠢᠲᠠᠷ ᠠ ᠢᠢ ᠲᠣᠮᠢᠯᠠᠬᠤ ᠰᠠᠨᠠᠯ ᠢ ᠶᠡᠷᠦᠩᠬᠡᠢᠢᠯᠡᠭᠴᠢ ᠳᠥ

thumbnail 2025.06.06 YK Khurelsuh NUB-iin 8 dahi YNB-iin darga Ban Gi Muniig huleen awch uulzlaa 1
2025.06.06 YK Khurelsuh NUB-iin 8 dahi YNB-iin darga Ban Gi Muniig huleen awch uulzlaa 1
ᠶᠡᠷᠦᠩᠬᠡᠢᠢᠯᠡᠭᠴᠢ ᠤ·ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 8 ᠳ᠋ᠠᠬᠢ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠪᠠᠨ ᠻᠢ ᠮᠦᠨ ᠢ ᠬᠦᠯᠢᠶᠡᠨ ᠠᠪᠴᠤ ᠠᠭᠤᠯᠵᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠳᠤ ᠣᠷᠤᠯᠴᠠᠵᠤ ᠪᠤᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 8 ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ᠂ «ᠪᠠᠨ ᠻᠢ ᠮᠦᠨ» ᠰᠠᠩ ᠤᠨ ᠲᠡᠷᠢᠭᠦᠨ᠂ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠤᠨᠲᠤ ᠪᠠᠨ ᠻᠢ ᠮᠦᠨ ᠢ ᠬᠦᠯᠢᠶᠡᠨ ᠠᠪᠴᠤ ᠠᠭᠤᠯᠵᠠᠯ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠷ ᠠᠵᠢᠯᠯᠠᠵᠤ ᠪᠠᠢᠢᠬᠤ ᠳᠤ ᠪᠠᠨ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ᠂

thumbnail 2025.06.06 MUYK Khurelsuh, NUB-iin 8 dahi Yrunhii nariin bichgiin darga Ban Gi Mun nar dursgaliin mod tarilaa 1
2025.06.06 MUYK Khurelsuh, NUB-iin 8 dahi Yrunhii nariin bichgiin darga Ban Gi Mun nar dursgaliin mod tarilaa 1
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠪᠠᠨ ᠻᠢ ᠮᠦᠨ ᠨᠠᠷ ᠳᠤᠷᠠᠰᠬᠠᠯ ᠤᠨ ᠮᠣᠳᠤ ᠲᠠᠷᠢᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠦᠷᠭᠦᠯᠵᠢᠯᠡᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠨ ᠻᠢ ᠮᠦᠨ ᠨᠠᠷ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠥᠨᠦᠳᠦᠷ ᠦᠨᠳᠦᠰᠦᠨ ᠦ ᠴᠡᠴᠡᠷᠯᠢᠭᠲᠥ ᠬᠦᠷᠢᠶᠡᠯᠡᠩ ᠦᠨ ᠡᠩᠬᠡ ᠢᠢ ᠰᠠᠬᠢᠭᠤᠯᠤᠭᠴᠢᠳ ᠤᠨ ᠲᠥᠭᠡᠯ ᠳᠥ ᠳᠤᠷᠠᠰᠬᠠᠯ ᠤᠨ ᠮᠣᠳᠤ ᠲᠠᠷᠢᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠡᠨᠡ ᠦᠶ᠎ᠡ ᠪᠡᠷ