Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ 《ᠬᠠᠭᠠᠨ ᠤ ᠡᠷᠢᠯ ᠳᠥ》 ᠡᠩᠬᠡ ᠶᠢ ᠳᠡᠮᠵᠢᠬᠦ ᠠᠵᠢᠯᠯᠠᠭᠠᠨ ᠤ ᠬᠠᠮᠲᠤᠷᠠᠭᠰᠠᠨ ᠰᠤᠷᠭᠠᠭᠤᠯᠢ ᠶᠢᠨ ᠨᠡᠭᠡᠭᠡᠯᠲᠡ ᠳᠥ ᠣᠷᠣᠯᠴᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠥᠨᠥᠳᠥᠷ ᠮᠣᠩᠭ᠋ᠣᠯ ᠤᠯᠤᠰ ᠲᠤ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠤᠭᠳᠠᠳᠠᠭ 《ᠬᠠᠭᠠᠨ ᠤ ᠡᠷᠢᠯ ᠳᠥ》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠢᠢᠨ ᠨᠡᠭᠡᠭᠡᠯᠲᠡ ᠳᠥ ᠬᠦᠷᠦᠯᠴᠡᠨ ᠣᠴᠢᠯ᠎ᠠ᠃

ᠨᠡᠭᠡᠭᠡᠯᠲᠡ ᠢᠢᠨ ᠶᠣᠰᠣᠯᠠᠯ ᠳᠤ ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠂ ᠪᠠᠲᠤᠯᠠᠨ ᠬᠠᠮᠠᠭᠠᠯᠠᠬᠤ ᠢᠢᠨ ᠰᠠᠢᠢᠳ ᠨ ∙ ᠡᠩᠬᠡᠪᠣᠯᠤᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠲ ∙ ᠳᠠᠪᠠᠭ᠎ᠠ᠂ 《ᠬᠠᠭᠠᠨ ᠤ ᠡᠷᠢᠯ ᠳᠥ》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠳᠤ ᠣᠷᠣᠯᠴᠠᠵᠤ ᠪᠤᠢ ᠣᠷᠣᠨ ᠨᠤᠭᠤᠳ ᠤᠨ ᠡᠯᠴᠢᠨ ᠰᠠᠢᠢᠳ ᠨᠠᠷ ᠵᠡᠷᠭᠡ ᠠᠯᠪᠠᠨ ᠤ ᠬᠦᠮᠦᠰ ᠣᠷᠣᠯᠴᠠᠭᠰᠠᠨ ᠶᠤᠮ᠃

ᠨᠡᠭᠡᠭᠡᠯᠲᠡ ᠢᠢᠨ ᠶᠣᠰᠣᠯᠠᠯ ᠤᠨ ᠡᠬᠢᠨ ᠳᠥ 《ᠬᠠᠭᠠᠨ ᠤ ᠡᠷᠢᠯ ᠳᠥ》-2018 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠳᠤ ᠤᠷᠤᠯᠴᠠᠬᠤ ᠪᠡᠶ᠎ᠡ ᠪᠦᠷᠢᠯᠳᠦᠬᠦᠨ ᠪᠡᠯᠡᠨ ᠵᠢᠭ᠌ᠰᠠᠵᠤ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 26 ᠤᠯᠤᠰ ᠤᠨ ᠴᠡᠷᠢᠭ ᠦᠨ ᠪᠠᠭ᠂ ᠪᠡᠶ᠎ᠡ ᠪᠦᠷᠢᠯᠳᠦᠬᠦᠨ ᠲᠡᠢ ᠮᠡᠨᠳᠦᠴᠢᠯᠡᠵᠦ᠂ ᠤᠯᠤᠰ ᠪᠦᠷᠢ ᠢᠢᠨ ᠲᠥᠯᠥᠭᠡᠯᠡᠭᠴᠢᠳ ᠲᠡᠢ ᠭᠠᠷ ᠪᠠᠷᠢᠨ ᠮᠡᠨᠳᠦᠴᠢᠯᠡᠪᠡ᠃

ᠡᠭᠦᠨ ᠦ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠬᠠᠭᠠᠨ ᠤ ᠡᠷᠢᠯ ᠳᠥ》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ 16 ᠳ᠋ᠠᠬᠢ ᠤᠳᠠᠭ᠎ᠠ ᠢᠢᠨ ᠬᠠᠮᠲᠤᠷᠠᠭᠰᠠᠨ ᠰᠤᠷᠭᠠᠭᠤᠯᠢ ᠢᠢ ᠠᠯᠪᠠᠨ ᠶᠣᠰᠣᠭᠠᠷ ᠨᠡᠭᠡᠭᠡᠵᠦ ᠦᠭᠡ ᠬᠡᠯᠡᠯ᠎ᠡ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄

《ᠡᠩᠬᠡ ᠢᠢ ᠰᠠᠬᠢᠭᠤᠯᠤᠭᠴᠢᠳ ᠠ᠋᠂

 

ᠳᠠᠢᠢᠴᠢᠳ ᠠ᠋᠂ ᠣᠹᠢᠼᠧᠷ᠂ ᠠᠬᠠᠯᠠᠭᠴᠢ᠂ ᠭᠧᠨᠧᠷᠠᠯ ᠤᠳ ᠠ᠋᠂

ᠡᠷᠬᠢᠮ ᠵᠣᠴᠢᠳ᠂ ᠬᠠᠲᠤᠭᠲᠠᠢ᠂ ᠨᠣᠶᠠᠳ ᠠ᠋᠂

ᠲᠠ ᠪᠦᠬᠦᠨ ᠦ ᠠᠮᠤᠷ ᠢ ᠡᠷᠢᠵᠦ᠂ ᠮᠣᠩᠭ᠋ᠣᠯ ᠳᠤ ᠲᠠᠪᠠᠲᠠᠢ ᠮᠣᠷᠢᠯᠠᠬᠤ ᠢᠢ ᠬᠦᠰᠡᠶ᠎ᠡ᠃

ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ ᠦᠨ ᠦᠨᠳᠦᠰᠦ ᠨᠢ ᠡᠩᠬᠡ ᠲᠠᠢᠢᠪᠤᠩ᠂ ᠠᠮᠤᠷ ᠠᠮᠤᠭᠤᠯᠠᠩ ᠪᠠᠢᠢᠳᠠᠯ ᠪᠥᠭᠡᠳ ᠲᠡᠦᠬᠡ ᠢᠢᠨ ᠲᠤᠷᠰᠢᠳᠠ ᠠᠮᠤᠷ ᠠᠮᠤᠭᠤᠯᠠᠩ ᠢ ᠲᠣᠭᠲᠠᠭᠠᠵᠤ ᠪᠠᠢᠢᠭᠰᠠᠨ ᠴᠠᠭ ᠲᠤ ᠪᠠᠨ ᠬᠦᠮᠦᠨ ᠦ ᠨᠡᠢᠢᠭᠡᠮ ᠦᠰᠦᠷᠦᠩᠭᠦᠢ ᠳᠡᠪᠰᠢᠯ ᠦᠳ ᠲᠥ ᠬᠦᠷᠴᠦ ᠪᠠᠢᠢᠵᠠᠢ᠃ ᠣᠯᠠᠨ ᠵᠠᠭᠤᠨ ᠤ ᠲᠡᠷᠲᠡᠭᠡ ᠮᠣᠩᠭ᠋ᠣᠯᠴᠤᠳ ᠧᠦ᠋ᠷᠣ᠊ᠠᠽᠢ ᠢᠢ ᠪᠠᠷᠤᠭ ᠪᠦᠬᠦᠯᠢ ᠳᠥ ᠨᠢ ᠬᠠᠮᠤᠷᠤᠭᠰᠠᠨ ᠠᠮᠤᠷ ᠠᠮᠤᠭᠤᠯᠠᠩ ᠢ ᠲᠣᠭᠲᠠᠭᠠᠨ ᠰᠠᠬᠢᠭᠤᠯᠵᠤ᠂ ᠣᠷᠴᠢᠨ ᠦᠶ᠎ᠡ ᠢᠢᠨ ᠶᠢᠷᠲᠢᠨᠴᠦ ᠢᠢᠨ ᠰᠠᠭᠤᠷᠢ ᠢᠢ ᠴᠢᠳᠬᠤᠵᠤ ᠶᠠᠪᠤᠭᠰᠠᠨ ᠶᠤᠮ᠃ ᠮᠣᠩᠭ᠋ᠣᠯ ᠤᠨ ᠠᠮᠤᠷ ᠠᠮᠤᠭᠤᠯᠠᠩ ᠤᠨ ᠵᠢᠯ ᠦᠳ ᠲᠥ ᠧᠦ᠋ᠷᠣ᠊ᠠᠽᠢ ᠢᠢ ᠳᠠᠮᠨᠠᠭᠰᠠᠨ ᠬᠤᠳᠠᠯᠳᠤᠭᠠᠨ ᠤ ᠰᠦᠯᠵᠢᠶ᠎ᠡ ᠰᠡᠷᠭᠦᠵᠦ᠂ ᠤᠯᠤᠰ ᠬᠣᠭᠣᠷᠣᠨᠳᠣ ᠢᠢᠨ ᠥᠷᠲᠡᠭᠡ᠂ ᠰᠢᠤᠳᠠᠨ ᠬᠠᠷᠢᠯᠴᠠᠭ᠎ᠠ ᠲᠣᠭᠲᠠᠵᠤ᠂ ᠰᠤᠶᠤᠯ ᠮᠡᠳᠡᠯᠭᠡ ᠢᠢᠨ ᠰᠣᠯᠢᠯᠴᠠᠭ᠎ᠠ ᠨᠡᠩ ᠡᠷᠴᠢᠮ ᠲᠡᠢ ᠶᠠᠪᠤᠭᠳᠠᠳᠠᠭ ᠪᠠᠢᠢᠯ᠎ᠠ᠃ ᠴᠤᠬᠤᠮ ᠡᠨᠡ ᠦᠶᠡᠰ ᠲᠥ ᠬᠤᠳᠠᠯᠳᠤᠭ᠎ᠠ ᠪᠣᠯᠤᠨ ᠪᠠᠩᠬᠢ᠂ ᠪᠤᠤᠬᠢᠶ᠎ᠠ ᠰᠢᠤᠳᠠᠨ ᠤ ᠢᠨ᠋᠊ᠨᠣᠸᠠᠼᠢ ᠨᠤᠭᠤᠳ ᠳᠡᠯᠭᠡᠷᠡᠵᠦ᠂ ᠥᠷᠥᠨ᠎ᠡ ᠳᠣᠷᠣᠨ᠎ᠠ ᠢᠢᠨ ᠲᠧᠭᠨᠣᠯᠣᠭᠢ ᠮᠡᠳᠡᠯᠭᠡ ᠢᠢᠨ ᠰᠣᠯᠢᠯᠴᠠᠭ᠎ᠠ ᠥᠷᠭᠡᠵᠢᠵᠦ᠂ ᠤᠯᠤᠰ ᠬᠣᠭᠣᠷᠣᠨᠳᠣ ᠢᠢᠨ ᠬᠠᠷᠢᠯᠴᠠᠭ᠎ᠠ ᠢᠢ ᠢᠯᠡᠭᠦᠦ ᠰᠢᠭᠤᠷᠬᠠᠢ᠂ ᠢᠯᠡᠭᠦᠦ ᠦᠷ᠎ᠡ ᠳ᠋ᠦᠩ ᠲᠡᠢ ᠪᠣᠯᠭᠠᠵᠤ ᠪᠠᠢᠢᠭᠰᠠᠨ ᠢ ᠡᠷᠳᠡᠮᠲᠡᠳ ᠰᠤᠳᠤᠯᠤᠭᠠᠴᠢᠳ ᠨᠢᠭᠡᠨ ᠳᠠᠭᠤ ᠪᠠᠷ ᠬᠦᠯᠢᠶᠡᠨ ᠵᠥᠪᠰᠢᠶᠡᠷᠡᠳᠡᠭ᠃

ᠥᠨᠥ ᠴᠠᠭ ᠲᠤ ᠳᠡᠯᠡᠬᠡᠢ ᠨᠡᠢᠢᠲᠡ ᠢᠢ ᠬᠠᠮᠤᠷᠤᠭᠰᠠᠨ ᠠᠮᠤᠷ ᠠᠮᠤᠭᠤᠯᠠᠩ ᠢ ᠲᠣᠭᠲᠠᠭᠠᠬᠤ ᠨᠢ ᠨᠢᠭᠡ ᠦᠨᠳᠦᠰᠦᠲᠡᠨ᠂ ᠨᠢᠭᠡ ᠤᠯᠤᠰ ᠤᠨ ᠪᠢᠰᠢ ᠨᠡᠢᠢᠲᠡ ᠬᠦᠮᠦᠨ ᠲᠥᠷᠥᠯᠬᠢᠲᠡᠨ᠂ ᠤᠯᠤᠰ ᠣᠷᠣᠨ ᠪᠦᠷᠢ ᠢᠢᠨ ᠬᠦᠴᠦᠨ ᠴᠢᠷᠮᠠᠢᠢᠯᠲᠠ ᠢᠢ ᠱᠠᠭᠠᠷᠳᠠᠬᠤ ᠦᠢᠯᠡᠰ ᠶᠤᠮ᠃ ᠲᠡᠢᠢᠮᠦ ᠴᠤ ᠤᠴᠢᠷ ᠠᠴᠠ ᠮᠣᠩᠭ᠋ᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠭᠡᠰᠢᠭᠦᠨ ᠣᠷᠣᠨ ᠤ ᠬᠤᠪᠢ ᠳᠤ ᠡᠩᠬᠡ ᠢᠢ ᠰᠠᠬᠢᠭᠤᠯᠬᠤ ᠦᠢᠯᠡᠰ ᠲᠥ ᠪᠣᠳᠠᠲᠤ ᠪᠠᠷ ᠣᠷᠣᠯᠴᠠᠵᠤ᠂ ᠡᠨᠡ ᠳᠡᠯᠡᠬᠡᠢ ᠢᠢᠨ ᠥᠨᠴᠥᠭ ᠪᠤᠯᠤᠨ ᠪᠦᠷᠢ ᠳᠥ ᠡᠭᠦᠷᠭᠡ ᠭᠦᠢᠴᠡᠳᠭᠡᠬᠦ ᠳᠥ ᠪᠡᠯᠡᠨ ᠪᠠᠢᠢᠳᠠᠭ ᠢᠶᠠᠨ ᠥᠩᠭᠡᠷᠡᠭᠰᠡᠨ ᠵᠢᠯ ᠦᠳ ᠲᠥ ᠬᠠᠩᠭ᠋ᠠᠯᠲᠠᠲᠠᠢ ᠨᠣᠲᠠᠯᠠᠨ ᠬᠠᠷᠠᠭᠤᠯᠤᠭᠰᠠᠨ᠃

ᠮᠥᠷᠭᠥᠯᠳᠦᠭᠡᠨ᠂ ᠵᠥᠷᠢᠴᠡᠯ ᠲᠡᠢ ᠪᠥᠰᠡ ᠨᠤᠲᠤᠭ ᠲᠤ ᠡᠩᠬᠡ ᠢᠢ ᠰᠠᠬᠢᠭᠤᠯᠬᠤ ᠨᠢ ᠴᠡᠷᠢᠭ ᠡᠷᠡᠰ ᠡᠴᠡ ᠪᠡᠯᠡᠳᠬᠡᠯ ᠰᠤᠷᠭᠠᠭᠤᠯᠢᠯᠠᠯᠲᠠ᠂ ᠲᠡᠪᠴᠢᠶᠡᠷᠢ᠂ ᠡᠷ᠎ᠡ ᠵᠣᠷᠢᠭ᠂ ᠤᠷ᠎ᠠ ᠴᠢᠳᠠᠪᠤᠷᠢ ᠱᠠᠭᠠᠷᠳᠠᠭᠰᠠᠨ ᠬᠦᠨᠳᠦ ᠠᠵᠢᠯ ᠪᠠᠢᠢᠳᠠᠭ᠃ ᠡᠨᠡ ᠪᠣᠯ ᠡᠩᠬᠡ ᠲᠠᠢᠢᠪᠤᠩ ᠢ ᠲᠣᠭᠲᠠᠭᠠᠬᠤ᠂ ᠠᠮᠤᠷ ᠠᠮᠤᠭᠤᠯᠠᠩ ᠢ ᠰᠠᠬᠢᠭᠤᠯᠬᠤ ᠬᠦᠴᠦᠲᠡᠢ ᠡᠷᠡᠮᠡᠯᠵᠡᠯ᠂ ᠠᠯᠪᠠᠨ ᠤ ᠤᠬᠠᠮᠰᠠᠷ᠂ ᠬᠠᠷᠢᠭᠤᠴᠠᠯᠭ᠎ᠠ ᠢᠢ ᠶᠡᠬᠡ ᠪᠡᠷ ᠱᠠᠭᠠᠷᠳᠠᠳᠠᠭ ᠦᠢᠯᠡᠰ᠃ ᠮᠣᠩᠭ᠋ᠣᠯ ᠤᠨ ᠡᠩᠬᠡ ᠢᠢ ᠰᠠᠬᠢᠭᠤᠯᠤᠭᠴᠢᠳ ᠲᠣᠮᠢᠯᠠᠭᠳᠠᠭᠰᠠᠨ᠂ ᠡᠭᠦᠷᠭᠡ ᠭᠦᠢᠴᠡᠳᠭᠡᠭ᠍ᠰᠡᠨ ᠭᠠᠵᠠᠷ ᠪᠦᠷᠢ ᠳᠥ ᠪᠡᠨ ᠮᠣᠩᠭ᠋ᠣᠯ ᠴᠡᠷᠢᠭ ᠦᠨ ᠴᠢᠳᠠᠪᠤᠷᠢ᠂ ᠰᠠᠬᠢᠯᠭ᠎ᠠ ᠬᠠᠷᠢᠭᠤᠴᠠᠯᠭ᠎ᠠ ᠢᠢ ᠨᠣᠲᠠᠯᠠᠨ ᠬᠠᠷᠠᠭᠤᠯᠵᠤ᠂ ᠡᠬᠡ ᠣᠷᠣᠨ ᠢᠶᠠᠨ ᠨᠢᠭᠤᠷ ᠪᠠᠷᠳᠠᠮ ᠲᠥᠯᠦᠭᠡᠯᠡᠵᠦ ᠢᠷᠡᠭᠰᠡᠨ ᠳᠥ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠢᠢᠨ ᠬᠤᠪᠢ ᠳᠤ ᠪᠢ ᠪᠠᠬᠠᠷᠬᠠᠯ ᠳᠦᠭᠦᠷᠡᠩ ᠪᠠᠢᠢᠳᠠᠭ᠃

ᠮᠣᠩᠭ᠋ᠣᠯᠴᠤᠳ ᠡᠩᠬᠡ ᠢᠢ ᠰᠠᠬᠢᠭᠤᠯᠬᠤ ᠠᠵᠢᠯᠯᠠᠭᠠᠨ ᠳᠤ ᠤᠷᠤᠯᠴᠠᠬᠤ ᠡᠭᠦᠳᠡ ᠬᠠᠭᠠᠯᠭ᠎ᠠ ᠢᠢ ᠥᠨᠥᠳᠥᠷ ᠡᠬᠢᠯᠡᠵᠦ ᠪᠠᠢᠢᠭ᠎ᠠ 16 ᠳ᠋ᠠᠬᠢ ᠤᠳᠠᠭ᠎ᠠ ᠢᠢᠨ 《ᠬᠠᠭᠠᠨ ᠤ ᠡᠷᠢᠯ ᠳᠥ》 ᠣᠯᠠᠨ ᠤᠯᠤᠰ ᠤᠨ ᠰᠤᠷᠭᠠᠭᠤᠯᠢᠯᠠᠯᠲᠠ ᠠᠩᠬᠠᠯᠠᠨ ᠨᠡᠭᠡᠭᠡᠭ᠍ᠰᠡᠨ ᠢ ᠡᠨᠳᠡ ᠪᠢ ᠨᠡᠬᠡᠨ ᠰᠠᠨᠠᠭᠤᠯᠵᠤ ᠪᠠᠢᠢᠨ᠎ᠠ᠃ 《ᠬᠠᠭᠠᠨ ᠤ ᠡᠷᠢᠯ ᠳᠥ》 ᠣᠯᠠᠨ ᠤᠯᠤᠰ ᠤᠨ ᠰᠤᠷᠭᠠᠭᠤᠯᠢᠯᠠᠯᠲᠠ ᠨᠢ ᠠᠩᠬ᠎ᠠ ᠶᠠᠪᠤᠭᠳᠠᠭᠰᠠᠨ ᠮᠥᠴᠡ ᠡᠴᠡ ᠪᠡᠨ ᠪᠣᠳᠠᠲᠤ ᠴᠠᠭ ᠤᠨ ᠪᠠᠢᠢᠳᠠᠯ ᠳᠤ ᠬᠠᠮᠤᠭ ᠤᠨ ᠶᠡᠬᠡ ᠪᠡᠷ ᠣᠢᠢᠷᠠᠲᠤᠭᠤᠯᠤᠭᠰᠠᠨ ᠨᠥᠬᠥᠴᠡᠯ ᠳᠥ᠂ ᠰᠤᠷᠭᠠᠯᠲᠠ ᠢᠢᠨ ᠰᠢᠨᠡᠯᠢᠭ ᠠᠷᠭ᠎ᠠ ᠪᠠᠷᠢᠯ ᠢᠶᠠᠷ ᠶᠠᠪᠤᠭᠳᠠᠵᠤ ᠢᠷᠡᠭᠰᠡᠨ ᠦ ᠬᠦᠴᠦᠨ ᠳᠥ ᠮᠠᠨ ᠤ ᠴᠡᠷᠢᠭ ᠳᠠᠢᠢᠴᠢᠳ ᠬᠦᠨᠳᠦ ᠨᠥᠬᠥᠴᠡᠯ ᠳᠥ᠂ ᠡᠭᠦᠷᠭᠡ ᠭᠦᠢᠴᠡᠳᠭᠡᠬᠦ ᠥᠨᠳᠥᠷ ᠴᠢᠳᠠᠪᠬᠢᠲᠠᠢ ᠪᠣᠯᠤᠭᠰᠠᠨ ᠶᠤᠮ᠃

ᠪᠥᠰᠡ ᠨᠤᠲᠤᠭ ᠤᠨ ᠣᠷᠣᠨ ᠨᠤᠭᠤᠳ ᠤᠨ ᠴᠡᠷᠢᠭ ᠦᠨ ᠢᠲᠡᠭᠡᠯᠴᠡᠯ᠂ ᠨᠥᠬᠥᠷᠯᠡᠯ ᠢ ᠭᠦᠨᠵᠡᠭᠡᠢᠢᠷᠡᠭᠦᠯᠦᠨ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠮᠡᠳᠡᠯᠭᠡ ᠲᠤᠷᠰᠢᠯᠭ᠎ᠠ ᠪᠠᠨ ᠬᠤᠪᠢᠶᠠᠯᠴᠠᠬᠤ ᠪᠣᠯᠤᠮᠵᠢ ᠢᠢ ᠪᠦᠷᠢᠳᠦᠭᠦᠯᠳᠡᠭ 《ᠬᠠᠭᠠᠨ ᠤ ᠡᠷᠢᠯ ᠳᠥ》 ᠰᠤᠷᠭᠠᠭᠤᠯᠢᠯᠠᠯᠲᠠ ᠢᠢ ᠵᠣᠬᠢᠶᠠᠨ ᠪᠠᠢᠢᠭᠤᠯᠬᠤ ᠳᠤ ᠳᠡᠮᠵᠢᠯᠭᠡ ᠦᠵᠡᠭᠦᠯᠦᠭᠰᠡᠨ ᠠᠮᠧᠷᠢᠺᠠ ᠢᠢᠨ ᠨᠢᠭᠡᠳᠦᠭᠰᠡᠨ ᠤᠯᠤᠰ ᠪᠣᠯᠤᠨ ᠴᠡᠷᠢᠭ ᠦᠨ ᠠᠯᠪᠠᠨ ᠬᠠᠭᠠᠭᠴᠢᠳ ᠢᠢᠠᠨ ᠡᠨᠡ ᠰᠤᠷᠭᠠᠭᠤᠯᠢᠯᠠᠯᠲᠠ ᠳᠤ ᠣᠷᠤᠯᠴᠠᠭᠤᠯᠤᠭᠰᠠᠨ ᠪᠦᠬᠦ ᠤᠯᠤᠰ ᠣᠷᠣᠨ ᠨᠤᠭᠤᠳ ᠤᠨ ᠤᠳᠤᠷᠢᠳᠤᠯᠭ᠎ᠠ ᠳᠤ ᠲᠠ ᠪᠦᠬᠦᠨ ᠢᠶᠡᠷ ᠳᠠᠮᠵᠢᠭᠤᠯᠤᠨ ᠲᠠᠯᠠᠷᠬᠠᠯ ᠢᠯᠡᠷᠬᠡᠢᠢᠯᠡᠶ᠎ᠡ᠃ ᠮᠣᠩᠭ᠋ᠣᠯ ᠤᠯᠤᠰ ᠡᠩᠬᠡ ᠢᠢ ᠡᠷᠬᠢᠮᠯᠡᠭᠰᠡᠨ ᠭᠠᠳᠠᠭᠠᠳᠤ ᠪᠣᠳᠣᠯᠭ᠎ᠠ ᠪᠠᠨ ᠴᠢᠨᠠᠭᠰᠢᠳᠠ ᠴᠤ ᠲᠤᠭᠤᠰᠢᠲᠠᠢ ᠪᠠᠷᠢᠮᠲᠠᠯᠠᠵᠤ᠂ ᠳᠠᠶᠠᠩ ᠳᠡᠯᠡᠬᠡᠢ ᠢᠢᠨ ᠤᠯᠤᠰ ᠤᠳ ᠲᠠᠢ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ᠂ ᠨᠠᠢᠢᠷᠰᠠᠭ ᠬᠠᠷᠢᠯᠴᠠᠭ᠎ᠠ ᠲᠣᠭᠲᠠᠭᠠᠬᠤ ᠳᠤ ᠪᠡᠯᠡᠬᠡᠨ ᠪᠠᠢᠢᠳᠠᠭ ᠢ ᠳᠠᠰᠢᠷᠠᠮ ᠳᠤ ᠢᠯᠡᠷᠬᠡᠢᠢᠯᠡᠶ᠎ᠡ᠃

《ᠬᠠᠭᠠᠨ ᠤ ᠡᠷᠢᠯ ᠳᠥ》 ᠣᠯᠠᠨ ᠤᠯᠤᠰ ᠤᠨ ᠰᠤᠷᠭᠠᠭᠤᠯᠢᠯᠠᠯᠲᠠ ᠳᠤ ᠠᠮᠵᠢᠯᠲᠠ ᠬᠦᠰᠡᠶ᠎ᠡ᠃

ᠳᠠᠶᠠᠩ ᠳᠡᠯᠡᠬᠡᠢ ᠳᠥ ᠠᠮᠤᠷ ᠠᠮᠤᠭᠤᠯᠠᠩ ᠣᠷᠣᠰᠢᠲᠤᠭᠠᠢ》 ᠭᠡᠪᠡᠢ᠃