Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠬ ∙ ᠪᠠᠲᠤᠲᠤᠯᠭ᠎ᠠ ᠦᠨᠳᠦᠰᠦᠨ ᠦ ᠪᠠᠲᠤᠯᠠᠨ ᠬᠠᠮᠠᠭᠠᠯᠠᠬᠤ ᠶᠢᠨ ᠶᠡᠬᠡ ᠰᠤᠷᠭᠠᠭᠤᠯᠢ ᠶᠢᠨ 88 ᠳ᠋ᠠᠬᠢ ᠤᠳᠠᠭ᠎ᠠ ᠶᠢᠨ ᠲᠡᠭᠦᠰᠦᠯᠲᠡ ᠶᠢᠨ ᠶᠣᠰᠣᠯᠠᠯ ᠳᠤ ᠣᠷᠣᠯᠴᠠᠵᠤ᠂ ᠦᠭᠡ ᠬᠡᠯᠡᠪᠡ

ᠵᠠᠩᠵᠤᠨ ᠲ ∙ ᠰᠦᠬᠡᠪᠠᠭᠠᠲᠤᠷ ᠤᠨ ᠨᠡᠷᠡᠮᠵᠢᠲᠦ ᠰᠦᠬᠡᠪᠠᠭᠠᠲᠤᠷ ᠤᠨ ᠪᠣᠯᠤᠨ ᠪᠠᠢᠢᠯᠳᠤᠭᠠᠨ ᠤ ᠭᠠᠪᠢᠶᠠᠨ ᠤ ᠤᠯᠠᠭᠠᠨ ᠲᠤᠭ ᠤᠨ ᠣᠳᠣᠨᠳᠤ ᠮᠣᠩᠭ᠋ᠣᠯ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ 88 ᠳ᠋ᠠᠬᠢ ᠤᠳᠠᠭ᠎ᠠ ᠢᠢᠨ ᠲᠡᠭᠦᠰᠦᠯᠲᠡ ᠢᠢᠨ ᠶᠣᠰᠣᠯᠠᠯ ᠥᠨᠥᠳᠥᠷ ᠰᠦᠬᠡᠪᠠᠭᠠᠲᠤᠷ ᠤᠨ ᠲᠠᠯᠠᠪᠠᠢ ᠳᠤ ᠪᠣᠯᠤᠯ᠎ᠠ᠃

ᠲᠡᠭᠦᠰᠦᠯᠲᠡ ᠢᠢᠨ ᠶᠣᠰᠣᠯᠠᠯ ᠳᠤ ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠂ ᠪᠠᠲᠤᠯᠠᠨ ᠬᠠᠮᠠᠭᠠᠯᠠᠬᠤ ᠢᠢᠨ ᠰᠠᠢᠢᠳ ᠨ ∙ ᠡᠩᠬᠡᠪᠣᠯᠤᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠲ ∙ ᠳᠠᠸᠠ ᠪᠣᠯᠤᠨ ᠪᠠᠲᠤᠯᠠᠨ ᠬᠠᠮᠠᠭᠠᠯᠠᠬᠤ ᠶᠠᠮᠤ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠤᠳᠤᠷᠢᠳᠤᠯᠭ᠎ᠠ ᠨᠤᠭᠤᠳ᠂ ᠨᠡᠢᠢᠲᠡ ᠲᠡᠭᠦᠰᠦᠭᠴᠢ᠂ ᠪᠡᠶ᠎ᠡ ᠪᠦᠷᠢᠯᠳᠦᠬᠦᠨ ᠤᠷᠤᠯᠴᠠᠪᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠪᠡᠶ᠎ᠡ ᠪᠦᠷᠢᠯᠳᠦᠬᠦᠨ ᠵᠢᠭ᠌ᠰᠠᠨ ᠤᠭᠲᠤᠵᠤ᠂ ᠲᠤᠰ ᠰᠤᠷᠭᠠᠭᠤᠯᠢ ᠢᠢᠨ ᠵᠠᠬᠢᠷᠤᠯ᠂ ᠬᠤᠷᠠᠨᠳᠠ ᠫ ∙ ᠵᠢᠷᠭᠠᠯᠠᠩ ᠢᠯᠡᠳᠬᠡᠯ ᠥᠭ᠍ᠭᠦᠭ᠍ᠰᠡᠨ ᠶᠤᠮ᠃ ᠡᠭᠦᠨ ᠦ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠪᠠᠢᠢᠯᠳᠤᠭᠠᠨ ᠤ ᠲᠤᠭ ᠳᠤ ᠬᠦᠨᠳᠦᠳᠬᠡᠯ ᠦᠵᠡᠭᠦᠯᠪᠡ᠃ ᠲᠡᠭᠦᠨᠴᠢᠯᠡᠨ᠂ ᠰᠤᠷᠭᠠᠭᠤᠯᠢ ᠢᠢᠨ ᠤᠳᠤᠷᠢᠳᠤᠯᠭ᠎ᠠ ᠨᠤᠭᠤᠳ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠵᠠᠬᠢᠷᠤᠯ ᠤᠨ 《ᠴᠡᠷᠢᠭ ᠦᠨ ᠮᠡᠷᠭᠡᠵᠢᠯ ᠡᠵᠡᠮᠰᠢᠭᠦᠯᠬᠦ ᠲᠤᠬᠠᠢ》᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠢᠢᠨ 《ᠴᠡᠷᠢᠭ ᠦᠨ ᠴᠣᠯᠠ ᠣᠯᠭᠣᠬᠤ ᠲᠤᠬᠠᠢ》 ᠲᠤᠰᠢᠶᠠᠯ ᠤᠳ ᠢ ᠤᠩᠰᠢᠵᠤ ᠰᠣᠨᠣᠰᠬᠠᠭᠰᠠᠨ ᠶᠤᠮ᠃

ᠲᠤᠰᠢᠶᠠᠯ ᠢ ᠤᠩᠰᠢᠵᠤ ᠰᠣᠨᠣᠰᠬᠠᠭᠰᠠᠨ ᠤ ᠳᠠᠷᠠᠭ᠎ᠠ ᠨᠡᠢᠢᠲᠡ ᠲᠡᠭᠦᠰᠦᠭᠴᠢᠳ ᠲᠥ ᠴᠡᠷᠢᠭ ᠦᠨ ᠴᠣᠯᠠ᠂ ᠮᠡᠷᠭᠡᠵᠢᠯ ᠦᠨ ᠳ᠋ᠢᠫᠯᠣᠮ᠂ ᠡᠩᠭᠡᠷ ᠦᠨ ᠲᠡᠮᠳᠡᠭ ᠣᠯᠭᠣᠬᠤ ᠶᠣᠰᠣᠯᠠᠯ ᠤᠨ ᠠᠵᠢᠯᠯᠠᠭ᠎ᠠ ᠡᠬᠢᠯᠡᠵᠦ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠢᠮ ᠲᠡᠭᠦᠰᠦᠭᠴᠢᠳ ᠲᠥ ᠴᠡᠷᠢᠭ ᠦᠨ ᠴᠣᠯᠠ᠂ ᠮᠡᠷᠭᠡᠵᠢᠯ ᠦᠨ ᠳ᠋ᠢᠫᠯᠣᠮ ᠭᠠᠷᠳᠠᠭᠤᠯᠵᠤ᠂ ᠡᠩᠭᠡᠷ ᠦᠨ ᠲᠡᠮᠳᠡᠭ ᠢ ᠨᠢ ᠵᠡᠭᠦᠵᠦ ᠥᠭᠯᠥᠭᠡ᠃

ᠲᠡᠭᠦᠰᠦᠭᠴᠢᠳ ᠴᠣᠯᠠ ᠪᠠᠨ ᠵᠡᠭᠦᠭ᠍ᠰᠡᠨ ᠦ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠨᠡᠢᠢᠲᠡ ᠲᠡᠭᠦᠰᠦᠭᠴᠢᠳ ᠲᠥ ᠬᠠᠨᠳᠤᠨ᠄

《ᠠᠮᠤᠷ ᠢ ᠡᠷᠢᠶ᠎ᠡ᠂ ᠡᠷᠬᠢᠮ ᠲᠡᠭᠦᠰᠦᠭᠴᠢᠳ ᠡ᠂ ᠭᠧᠨᠧᠷᠠᠯ᠂ ᠣᠹᠢᠼᠧᠷ᠂ ᠠᠬᠠᠯᠠᠭᠴᠢ ᠨᠠᠷ ᠠ᠋᠂
ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠡᠷᠳᠡᠮᠲᠡᠨ ᠰᠤᠳᠤᠯᠤᠭᠠᠴᠢ᠂ ᠪᠠᠭᠰᠢ ᠨᠠᠷ ᠠ᠋᠂

ᠴᠡᠷᠢᠭ ᠦᠨ ᠤᠷᠠᠯᠢᠭ ᠤᠨ ᠣᠯᠠᠨ ᠮᠢᠩᠭ᠋ᠠᠨ ᠵᠢᠯ ᠦᠨ ᠲᠡᠦᠬᠡ᠂ ᠳᠠᠢᠢᠴᠢᠨ ᠤᠯᠠᠮᠵᠢᠯᠠᠯ ᠲᠠᠢ ᠮᠣᠩᠭ᠋ᠣᠯ ᠤᠨ ᠵᠡᠪᠰᠡᠭᠲᠦ ᠬᠦᠴᠦᠨ ᠳᠥ ᠥᠨᠥᠳᠥᠷ ᠰᠢᠨ᠎ᠡ ᠬᠦᠴᠦ ᠨᠡᠮᠡᠭᠳᠡᠵᠦ ᠪᠠᠢᠢᠭᠠᠳ ᠪᠢ ᠨᠡᠩ ᠪᠠᠶᠠᠷᠲᠠᠢ ᠪᠠᠢᠢᠨ᠎ᠠ᠃ ᠲᠡᠭᠦᠰᠦᠭᠴᠢᠳ ᠲᠥ ᠬᠠᠯᠠᠭᠤᠨ ᠪᠠᠶᠠᠷ ᠬᠦᠷᠭᠡᠶ᠎ᠡ!

ᠰᠦᠬᠡᠪᠠᠭᠠᠲᠤᠷ ᠤᠨ ᠪᠣᠯᠤᠨ ᠪᠠᠢᠢᠯᠳᠤᠭᠠᠨ ᠤ ᠭᠠᠪᠢᠶᠠᠨ ᠤ ᠤᠯᠠᠭᠠᠨ ᠲᠤᠭ ᠤᠨ ᠣᠳᠣᠨᠳᠤ᠂ ᠵᠠᠩᠵᠤᠨ ᠲ ∙ ᠰᠦᠬᠡᠪᠠᠭᠠᠲᠤᠷ ᠤᠨ ᠨᠡᠷᠡᠮᠵᠢᠲᠦ ᠮᠣᠩᠭ᠋ᠣᠯ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ 88 ᠳ᠋ᠠᠬᠢ ᠤᠳᠠᠭ᠎ᠠ ᠢᠢᠨ ᠲᠡᠭᠦᠰᠦᠭᠴᠢ᠂ ᠮᠣᠩᠭ᠋ᠣᠯ ᠤᠨ ᠵᠡᠪᠰᠡᠭᠲᠦ ᠬᠦᠴᠦᠨ ᠦ ᠣᠹᠢᠼᠧᠷ ᠪᠣᠯᠵᠤ ᠪᠠᠢᠢᠭ᠎ᠠ ᠲᠠᠨᠢ ᠨᠡᠷ᠎ᠡ ᠲᠥᠷᠥ ᠢᠢᠨ ᠬᠡᠷᠡᠭ ᠮᠥᠨ᠃

1911 ᠣᠨ ᠳᠤ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ᠂ 1921 ᠣᠨ ᠳᠤ ᠭᠠᠳᠠᠭᠠᠳᠤ ᠢᠢᠨ ᠡᠵᠡᠯᠡᠨ ᠲᠦᠷᠢᠮᠡᠭᠡᠢᠢᠯᠡᠭᠴᠢᠳ ᠢ ᠬᠥᠭᠡᠭᠡᠨ ᠵᠠᠢᠢᠯᠠᠭᠤᠯᠵᠤ᠂ ᠠᠷᠠᠳ ᠤᠨ ᠵᠠᠰᠠᠭ ᠢ ᠲᠣᠭᠲᠠᠭᠠᠭᠰᠠᠨ᠂ 1939 ᠣᠨ ᠤ ᠬᠠᠯᠬ᠎ᠠ ᠢᠢᠨ ᠭᠣᠣᠯ ᠤᠨ ᠪᠠᠢᠢᠯᠳᠤᠭᠠᠨ᠂ 1945 ᠣᠨ ᠤ ᠴᠢᠯᠦᠭᠡᠯᠡᠬᠦ ᠳᠠᠢᠢᠨ᠂ 1950-1960 ᠣᠨ ᠤ ᠡᠩᠬᠡ ᠴᠠᠭ ᠤᠨ ᠪᠦᠲᠦᠭᠡᠨ ᠪᠠᠢᠢᠭᠤᠯᠤᠯᠲᠠ ᠳᠤ ᠠᠯᠳᠠᠷ ᠭᠠᠪᠢᠶ᠎ᠠ ᠢᠢ ᠪᠠᠨ ᠳᠠᠭᠤᠷᠢᠰᠬᠠᠭᠰᠠᠨ ᠮᠣᠩᠭ᠋ᠣᠯ ᠤᠨ ᠴᠡᠷᠢᠭ ᠡᠷᠡᠰ ᠦᠨ ᠪᠢᠳᠡ ᠪᠦᠬᠦᠨ ᠳᠥ ᠥᠪᠯᠡᠭᠦᠯᠦᠨ ᠦᠯᠡᠳᠡᠭᠡᠭ᠍ᠰᠡᠨ ᠡᠷᠬᠡ ᠴᠢᠯᠦᠭᠡ᠂ ᠲᠤᠰᠠᠭᠠᠷ ᠲᠣᠭᠲᠠᠨᠢᠯ ᠤᠨ ᠪᠤᠤᠬᠢᠶ᠎ᠠ ᠢᠢ ᠡᠨᠡ ᠴᠠᠭ ᠮᠥᠴᠡ ᠳᠥ ᠲᠠ ᠨᠠᠷ ᠵᠠᠯᠭᠠᠮᠵᠢᠯᠠᠨ ᠠᠪᠴᠤ ᠪᠠᠢᠢᠨ᠎ᠠ᠃

1992 ᠣᠨ ᠳᠤ ᠪᠠᠲᠤᠯᠠᠭᠳᠠᠭᠰᠠᠨ ᠦᠨᠳᠦᠰᠦᠨ ᠬᠠᠤᠯᠢ ᠢᠢᠨ ᠦᠵᠡᠯ ᠰᠠᠨᠠᠭᠠᠨ ᠤ ᠳᠠᠭᠠᠭᠤ ᠮᠣᠩᠭ᠋ᠣᠯ ᠤᠯᠤᠰ ᠤᠨ ᠵᠡᠪᠰᠡᠭᠲᠦ ᠬᠦᠴᠦᠨ ᠨᠢ ᠰᠢᠨ᠎ᠡ ᠤᠳᠬ᠎ᠠ ᠠᠭᠤᠯᠭ᠎ᠠ ᠪᠠᠷ ᠬᠥᠭ᠍ᠵᠢᠵᠦ᠂ ᠡᠷᠬᠡ ᠵᠦᠢ ᠢᠢᠨ ᠣᠷᠴᠢᠨ ᠤ ᠰᠢᠨᠡᠴᠢᠯᠡᠯ ᠢ ᠦᠶ᠎ᠡ ᠱᠠᠲᠤ ᠲᠠᠢ ᠪᠠᠷ ᠶᠠᠪᠤᠭᠤᠯᠵᠤ ᠢᠷᠡᠯ᠎ᠡ᠃ 2015 ᠣᠨ ᠳᠤ ᠤᠯᠤᠰ ᠤᠨ ᠶᠡᠬᠡ ᠬᠤᠷᠠᠯ ᠪᠠᠷ ᠪᠠᠲᠤᠯᠠᠨ ᠬᠠᠮᠠᠭᠠᠯᠠᠬᠤ ᠢᠢᠨ ᠪᠣᠳᠣᠯᠭ᠎ᠠ ᠢᠢᠨ ᠦᠨᠳᠦᠰᠦ ᠪᠠᠷᠢᠮᠲᠠ ᠪᠢᠴᠢᠭ᠌᠂ 2016 ᠣᠨ ᠳᠤ ᠪᠠᠲᠤᠯᠠᠨ ᠬᠠᠮᠠᠭᠠᠯᠠᠬᠤ ᠢᠢᠨ ᠪᠠᠭᠴᠠ ᠬᠠᠤᠯᠢ ᠨᠤᠭᠤᠳ ᠰᠢᠨᠡᠴᠢᠯᠡᠨ ᠪᠠᠲᠤᠯᠠᠭᠳᠠᠯ᠎ᠠ᠃ ᠡᠨᠡ ᠨᠢ ᠪᠠᠲᠤᠯᠠᠨ ᠬᠠᠮᠠᠭᠠᠯᠠᠬᠤ ᠲᠣᠭᠲᠠᠯᠴᠠᠭ᠎ᠠ ᠢᠢ ᠰᠢᠨᠡᠴᠢᠯᠡᠵᠦ᠂ ᠵᠡᠪᠰᠡᠭᠲᠦ ᠬᠦᠴᠦᠨ ᠦ ᠬᠠᠤᠯᠢ ᠡᠷᠬᠡ ᠵᠦᠢ ᠢᠢᠨ ᠰᠢᠨ᠎ᠡ ᠣᠷᠴᠢᠨ ᠢ ᠲᠡᠭᠦᠯᠳᠡᠷᠵᠢᠭᠦᠯᠬᠦ ᠳᠥ ᠲᠦᠯᠬᠢᠴᠡ ᠥᠭ᠍ᠭᠦᠭ᠍ᠰᠡᠨ ᠪᠥᠭᠡᠳ ᠲᠠ ᠪᠦᠭᠦᠳᠡ ᠢᠢᠨ ᠠᠯᠪᠠ ᠪᠠᠨ ᠬᠠᠭᠠᠬᠤ᠂ ᠠᠵᠢᠯᠯᠠᠵᠤ ᠬᠦᠳᠡᠯᠮᠦᠷᠢᠯᠡᠬᠦ ᠣᠷᠴᠢᠨ᠂ ᠠᠭᠠᠷ ᠤᠰᠤ ᠨᠢ ᠬᠠᠤᠯᠢ᠂ ᠡᠷᠭᠦᠭ᠍ᠰᠡᠨ ᠲᠠᠩᠭ᠋ᠠᠷᠢᠭ ᠬᠣᠶᠠᠷ ᠴᠢᠨᠢ ᠪᠠᠢᠢᠬᠤ ᠶᠣᠰᠣᠲᠠᠢ ᠢᠢ ᠦᠷᠭᠦᠯᠵᠢ ᠰᠠᠨᠠᠵᠤ ᠶᠠᠪᠤᠭᠠᠷᠠᠢ᠃

ᠮᠣᠩᠭ᠋ᠣᠯ ᠴᠡᠷᠢᠭ ᠡᠬᠡ ᠣᠷᠣᠨ ᠢᠶᠠᠨ ᠪᠠᠲᠤᠯᠠᠨ ᠬᠠᠮᠠᠭᠠᠯᠠᠬᠤ ᠲᠡᠳᠦᠢ ᠦᠭᠡᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠠᠯᠪᠠᠭᠠᠨ ᠳᠣᠣᠷ᠎ᠠ ᠡᠩᠬᠡ ᠢᠢ ᠰᠠᠬᠢᠭᠤᠯᠬᠤ ᠠᠵᠢᠯᠯᠠᠭᠠᠨ ᠳᠤ ᠢᠳᠡᠪᠬᠢᠲᠡᠢ ᠣᠷᠣᠯᠴᠠᠳᠠᠭ ᠪᠣᠯᠤᠭᠰᠠᠨ᠂ ᠤᠷ᠎ᠠ ᠴᠢᠳᠠᠪᠤᠷᠢ᠂ ᠮᠠᠩᠯᠠᠢᠢᠯᠠᠯ ᠢᠶᠠᠷ ᠢᠶᠠᠨ ᠣᠯᠠᠨ ᠤᠯᠤᠰ ᠲᠤ ᠦᠨᠡᠯᠡᠭᠳᠡᠳᠡᠭ ᠪᠣᠯᠤᠭᠰᠠᠨ ᠴᠠᠭ ᠦᠶ᠎ᠡ ᠳᠥ ᠲᠠ ᠪᠦᠬᠦᠨ ᠮᠣᠩᠭ᠋ᠣᠯ ᠤᠨ ᠵᠡᠪᠰᠡᠭᠲᠦ ᠬᠦᠴᠦᠨ ᠳᠥ ᠵᠢᠳᠬᠦᠬᠦ ᠪᠡᠷ ᠨᠢᠭᠡᠳᠴᠦ ᠪᠠᠢᠢᠨ᠎ᠠ᠃

ᠮᠣᠩᠭ᠋ᠣᠯ ᠴᠡᠷᠢᠭ ᠡᠬᠡ ᠣᠷᠣᠨ ᠤ ᠪᠠᠨ ᠪᠦᠲᠦᠭᠡᠨ ᠪᠠᠢᠢᠭᠤᠯᠤᠯᠲᠠ ᠳᠤ ᠭᠠᠷ ᠪᠡᠶ᠎ᠡ ᠤᠷᠤᠯᠴᠠᠬᠤ ᠦᠢᠯᠡᠰ ᠢ ᠥᠷᠭᠡᠨ ᠢᠶᠡᠷ ᠡᠬᠢᠯᠡᠭᠦᠯᠵᠦ ᠪᠤᠢ ᠴᠠᠭ ᠦᠶᠡᠰ ᠲᠥ ᠲᠠ ᠨᠠᠷ ᠴᠡᠷᠢᠭ ᠦᠨ ᠨᠢᠭᠡᠴᠡ᠂ ᠰᠠᠯᠪᠤᠷᠢ ᠢᠢ ᠤᠳᠤᠷᠢᠳᠬᠤ ᠪᠠᠷ ᠨᠢᠭᠡᠳᠴᠦ ᠪᠠᠢᠢᠨ᠎ᠠ᠃ ᠰᠠᠢᠢᠬᠠᠨ ᠪᠠᠢᠢᠨ᠎ᠠ᠂ ᠲᠠ ᠪᠦᠬᠦᠨ ᠢᠶᠡᠷ ᠪᠠᠬᠠᠷᠬᠠᠵᠤ ᠪᠠᠢᠢᠨ᠎ᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠢᠢᠨ ᠬᠤᠪᠢ ᠳᠤ ᠰᠤᠷᠭᠠᠭᠤᠯᠢ ᠪᠠᠨ ᠠᠮᠵᠢᠯᠲᠠᠳᠠᠢ ᠲᠡᠭᠦᠰᠴᠦ᠂ ᠣᠹᠢᠼᠧᠷ᠂ ᠠᠬᠠᠯᠠᠭᠴᠢ ᠢᠢᠨ ᠡᠩᠨᠡᠭᠡᠨ ᠳᠥ ᠣᠷᠣᠵᠤ ᠪᠠᠢᠢᠭ᠎ᠠ ᠪᠦᠬᠦ ᠲᠡᠭᠦᠰᠦᠭᠴᠢᠳ ᠲᠥ ᠮᠣᠩᠭ᠋ᠣᠯ ᠴᠡᠷᠢᠭ ᠦᠨ ᠰᠦᠯᠳᠡ ᠬᠡᠢᠢᠮᠣᠷᠢ᠂ ᠨᠡᠷ᠎ᠡ ᠲᠥᠷᠥ ᠢᠢ ᠳᠡᠭᠡᠳᠦᠯᠡᠨ᠂ ᠠᠷᠠᠳ ᠲᠦᠮᠡᠨ ᠥᠦ ᠪᠡᠨ ᠡᠷᠭᠦᠭ᠍ᠰᠡᠨ ᠲᠠᠩᠭ᠋ᠠᠷᠢᠭ ᠢᠶᠠᠨ ᠴᠢᠩᠳᠠ ᠰᠠᠬᠢᠵᠤ᠂ ᠳᠠᠶᠠᠩ ᠳᠡᠯᠡᠬᠡᠢ ᠢᠢᠨ ᠡᠩᠬᠡ ᠢᠢᠨ ᠦᠢᠯᠡᠰ᠂ ᠡᠬᠡ ᠣᠷᠣᠨ ᠤ ᠪᠠᠨ ᠲᠤᠰᠠᠭᠠᠷ ᠲᠣᠭᠲᠠᠨᠢᠯ ᠤᠨ ᠲᠥᠯᠥᠭᠡ ᠰᠤᠷᠤᠭᠰᠠᠨ ᠡᠷᠳᠡᠮ᠂ ᠰᠡᠳᠬᠢᠯ ᠣᠶᠤᠨ ᠢᠶᠠᠨ ᠪᠦᠷᠢᠨ ᠵᠣᠷᠢᠭᠤᠯᠤᠨ᠎ᠠ ᠭᠡᠳᠡᠭ ᠲᠥ ᠪᠠᠲᠤ ᠢᠲᠡᠭᠡᠵᠦ ᠪᠠᠢᠢᠭ᠎ᠠ ᠪᠠᠨ ᠢᠯᠡᠷᠬᠡᠢᠢᠯᠡᠶ᠎ᠡ᠃

ᠲᠠ ᠪᠦᠬᠦᠨ ᠳᠥ ᠰᠠᠢᠢᠨ ᠰᠠᠢᠢᠬᠠᠨ ᠪᠦᠬᠦᠨ ᠢ ᠢᠷᠦᠭᠡᠶ᠎ᠡ᠂ ᠠᠵᠢᠯ ᠠᠮᠢᠳᠤᠷᠠᠯ ᠴᠢᠨᠢ ᠳᠡᠯᠭᠡᠷᠡᠵᠦ ᠶᠠᠪᠤᠬᠤ ᠪᠣᠯᠲᠤᠭᠠᠢ᠃

ᠮᠥᠩᠬᠡ ᠲᠩᠷᠢ ᠪᠢᠳᠡᠨ ᠢ ᠢᠪᠡᠭᠡᠭ᠌》 ᠭᠡᠪᠡᠢ᠃