ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠰᠤᠷ ᠤᠨ ᠲᠠᠯᠠᠪᠠᠢ ᠳᠤ ᠵᠣᠴᠢᠯᠠᠵᠤ᠂ ᠳᠠᠭᠤᠲᠤ ᠰᠤᠮᠤ ᠬᠠᠷᠪᠤᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠯᠭᠤᠷ ᠲᠥᠷᠦ ᠢᠢᠨ 2227᠂ ᠶᠡᠬᠡ ᠮᠣᠩᠭ᠋ᠣᠯ ᠤᠯᠤᠰ ᠤᠨ 812᠂ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 107 ᠂ ᠠᠷᠠᠳ ᠤᠨ ᠬᠤᠪᠢᠰᠬᠠᠯ ᠤᠨ 97 ᠵᠢᠯ ᠦᠨ ᠣᠢ᠂ ᠠᠷᠠᠳᠴᠢᠯᠠᠭᠰᠠᠨ ᠬᠤᠪᠢᠰᠬᠠᠯ ᠤᠨ 29 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠨ ᠦᠭᠡ ᠬᠡᠯᠡᠵᠦ᠂ ᠪᠠᠶᠠᠷ ᠨᠠᠭᠠᠳᠤᠮ ᠤᠨ ᠨᠡᠭᠡᠭᠡᠯᠲᠡ ᠢᠢᠨ ᠶᠣᠰᠣᠯᠠᠯ᠂ ᠬᠦᠴᠦᠲᠦ ᠪᠥᠬᠡ ᠢᠢᠨ ᠪᠠᠷᠢᠯᠳᠤᠭᠠᠨ ᠤ ᠨᠢᠭᠡ ᠢᠢᠨ ᠳᠠᠪᠠᠭᠠᠨ ᠤ ᠡᠬᠢᠯᠡᠯ ᠢ ᠦᠵᠡᠵᠦ ᠰᠣᠨᠢᠷᠬᠠᠭᠰᠠᠨ ᠤ ᠪᠠᠨ ᠳᠠᠷᠠᠭ᠎ᠠ ᠰᠤᠷ ᠤᠨ ᠲᠠᠯᠠᠪᠠᠢ ᠪᠠᠷ ᠵᠣᠴᠢᠯᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠤᠷ ᠤᠨ ᠲᠠᠯᠠᠪᠠᠢ ᠳᠤ ᠴᠡᠴᠡ᠂ ᠮᠡᠷᠭᠡᠨ ᠢᠶᠡᠨ ᠰᠣᠷᠢᠵᠤ ᠪᠤᠢ ᠬᠠᠷᠪᠤᠭᠠᠴᠢᠳ᠂ ᠨᠠᠭᠠᠳᠤᠮᠴᠢᠨ ᠣᠯᠠᠨ ᠲᠠᠢ ᠮᠡᠨᠳᠦᠴᠢᠯᠡᠨ 《ᠲᠩᠷᠢ ᠢᠢᠨ ᠴᠢᠨᠣ᠎ᠠ》 ᠬᠠᠮᠲᠤᠯᠢᠭ ᠤᠨ 《ᠮᠣᠷᠢᠲᠠᠨ ᠬᠠᠷᠪᠤᠭᠠᠴᠢᠳ》 ᠦᠵᠡᠭᠦᠯᠪᠦᠷᠢ ᠢᠢ ᠦᠵᠡᠵᠦ ᠰᠣᠨᠢᠷᠬᠠᠭᠰᠠᠨ ᠶᠤᠮ᠃ ᠮᠥᠨ ᠡᠷᠲᠡᠨ ᠦ ᠰᠠᠢᠢᠬᠠᠨ ᠤᠯᠠᠮᠵᠢᠯᠠᠯ ᠤᠨ ᠳᠠᠭᠠᠭᠤ ᠳᠠᠭᠤᠲᠤ ᠰᠤᠮᠤ ᠪᠠᠷ ᠭᠤᠷᠪᠠᠨᠲᠠ ᠬᠠᠷᠪᠤᠵᠤ ᠮᠣᠩᠭ᠋ᠣᠯ ᠬᠠᠷᠪᠤᠭᠠᠨ ᠤ ᠠᠯᠲᠠᠨ ᠵᠢᠷᠤᠬᠠᠢ᠂ ᠡᠷᠡᠬᠡᠢ ᠮᠡᠷᠭᠡᠨ ᠬᠠᠷᠪᠤᠭᠠᠴᠢᠳ᠂ ᠨᠠᠭᠠᠳᠤᠮᠴᠢᠨ ᠣᠯᠠᠨ ᠳᠤ ᠪᠠᠨ ᠬᠦᠨᠳᠦᠳᠬᠡᠯ ᠦᠵᠡᠭᠦᠯᠦᠯ᠎ᠡ᠃

 

ᠡᠭᠦᠨ ᠦ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠠᠶᠠᠷ᠂ ᠨᠠᠭᠠᠳᠤᠮ ᠢ ᠰᠤᠷᠪᠤᠯᠵᠢᠯᠠᠵᠤ ᠪᠤᠢ ᠰᠡᠳᠬᠦᠯᠴᠢᠳ ᠲᠥ ᠲᠣᠪᠴᠢᠬᠠᠨ ᠶᠠᠷᠢᠯᠴᠠᠯᠭ᠎ᠠ ᠦᠭ᠍ᠬᠦ ᠦᠶ᠎ᠡ ᠪᠡᠷ ᠢᠶᠡᠨ 《ᠬᠣᠶᠠᠷ ᠳ᠋ᠠᠬᠢ ᠤᠳᠤᠭ᠎ᠠ ᠪᠠᠨ ᠤᠯᠤᠰ ᠤᠨ ᠪᠠᠶᠠᠷ ᠨᠠᠭᠠᠳᠤᠮ ᠢ ᠨᠡᠭᠡᠭᠡᠵᠦ ᠪᠠᠢᠢᠨ᠎ᠠ᠃ ᠥᠩᠭᠡᠷᠡᠭᠰᠡᠨ ᠵᠢᠯ ᠪᠡᠯᠡᠳᠬᠡᠯ ᠬᠢᠭᠡ ᠦᠭᠡᠢ ᠢᠢᠨ ᠤᠯᠠᠮ ᠠᠴᠠ ᠰᠤᠷ ᠬᠠᠷᠪᠤᠭ᠎ᠠ ᠦᠭᠡᠢ᠃ ᠡᠨᠡ ᠵᠢᠯ ᠭᠤᠷᠪᠠ᠂ ᠳᠥᠷᠪᠡᠨ ᠤᠳᠠᠭ᠎ᠠ ᠪᠡᠯᠡᠳᠬᠡᠯ ᠬᠢᠵᠦ ᠪᠠᠢᠢᠵᠤ ᠬᠠᠷᠪᠤᠯ᠎ᠠ᠃ ᠨᠢᠭᠡ ᠰᠤᠮᠤ ᠨᠢ ᠣᠨᠣᠯ᠎ᠠ᠃ ᠰᠠᠢᠢᠬᠠᠨ ᠪᠠᠢᠢᠨ᠎ᠠ》 ᠭᠡᠯ᠎ᠡ᠃