ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠤᠷᠳᠤᠨ ᠰᠣᠶᠣᠭᠠᠯᠠᠩ ᠤᠨ ᠤᠷᠤᠯᠳᠤᠭᠠᠨ ᠦᠵᠡᠵᠦ ᠰᠣᠨᠢᠷᠬᠠᠯ᠎ᠠ

ᠲᠤᠯᠭᠤᠷ ᠲᠥᠷᠦ ᠢᠢᠨ 2227᠂ ᠶᠡᠬᠡ ᠮᠣᠩᠭ᠋᠋ᠣᠯ ᠤᠯᠤᠰ ᠤᠨ 812᠂ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 107 ᠂ ᠠᠷᠠᠳ ᠤᠨ ᠬᠤᠪᠢᠰᠬᠠᠯ ᠤᠨ 97 ᠵᠢᠯ ᠦᠨ ᠣᠢ᠂ ᠠᠷᠠᠳᠴᠢᠯᠠᠭᠰᠠᠨ ᠬᠤᠪᠢᠰᠬᠠᠯ ᠤᠨ 29 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠤᠷᠳᠤᠨ ᠰᠣᠶᠣᠭᠠᠯᠠᠩ ᠤᠨ ᠤᠷᠤᠯᠳᠤᠭᠠᠨ ᠥᠨᠥᠳᠥᠷ ᠬᠦᠢ ᠳᠣᠯᠣᠭᠠᠨ ᠬᠤᠳᠳᠤᠭ ᠲᠤ ᠪᠣᠯᠤᠯ᠎ᠠ᠃

 

ᠬᠤᠷᠳᠤᠨ ᠰᠣᠶᠣᠭᠠᠯᠠᠩ ᠤᠨ ᠤᠷᠤᠯᠳᠤᠭᠠᠨ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠲᠡᠷᠢᠭᠦᠲᠡᠢ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ ᠦᠵᠡᠵᠦ ᠰᠣᠨᠢᠷᠬᠠᠪᠠ᠃

 

ᠰᠣᠶᠣᠭᠠᠯᠠᠩ ᠨᠠᠰᠤᠨ ᠤ ᠮᠣᠷᠢᠳ ᠤᠨ ᠤᠷᠤᠯᠳᠤᠭᠠᠨ ᠳᠤ 280 ᠭᠠᠷᠤᠢ ᠬᠤᠷᠳᠤᠨ ᠪᠤᠶᠠᠨ ᠪᠦᠷᠢᠳᠬᠡᠭᠦᠯᠵᠦ᠂ ᠬᠥᠪᠰᠥᠭᠥᠯ ᠠᠢᠢᠮᠠᠭ ᠤᠨ ᠷᠠᠰᠢᠶᠠᠨᠲᠤ ᠰᠤᠮᠤ ᠢᠢᠨ ᠤᠶᠠᠭᠠᠴᠢ ᠠᠮᠤᠷᠰᠠᠨᠠᠭ᠎ᠠ ᠢᠢᠨ ᠪᠢᠯᠢᠭᠦᠳᠡᠢ ᠢᠢᠨ ᠬᠣᠩᠭ᠋ᠣᠷ ᠬᠠᠯᠵᠠᠨ ᠦᠷᠢᠶ᠎ᠡ ᠲᠦᠷᠦᠭᠦᠯᠡᠵᠦ᠂ ᠲᠣᠷᠭᠠᠨ ᠵᠢᠯᠣᠭᠣ ᠢᠢ ᠪᠠᠨ ᠡᠷᠭᠦᠭᠦᠯᠪᠡ᠃ ᠠᠮᠠᠨ ᠬᠦᠵᠦᠭᠦᠨ ᠳᠥ ᠵᠠᠪᠬᠠᠨ ᠠᠢᠢᠮᠠᠭ ᠤᠨ ᠵᠠᠪᠬᠠᠨᠮᠠᠨᠳᠠᠯ ᠰᠤᠮᠤ ᠢᠢᠨ ᠤᠶᠠᠭᠠᠴᠢ ᠴᠡᠷᠢᠩᠳᠣᠷᠵᠢ ᠢᠢᠨ ᠮᠥᠩᠬᠡᠬᠤᠶᠠᠭ ᠤᠨ ᠴᠠᠪᠢᠳᠠᠷ ᠦᠷᠢᠶ᠎ᠡ᠂ ᠠᠢᠢᠷᠠᠭ ᠤᠨ ᠭᠤᠷᠪᠠ ᠳᠤ ᠬᠥᠪᠰᠥᠭᠥᠯ ᠠᠢᠢᠮᠠᠭ ᠤᠨ ᠴᠠᠭᠠᠨ-ᠠᠭᠤᠯᠠ ᠰᠤᠮᠤ ᠢᠢᠨ ᠳᠣᠷᠵᠢᠫᠦᠢᠷᠪᠦ ᠢᠢᠨ ᠭᠠᠩᠬᠤᠶᠠᠭ ᠤᠨ ᠬᠡᠭᠡᠷ ᠦᠷᠢᠶ᠎ᠡ ᠬᠤᠷᠳᠤᠯᠠᠵᠤ ᠤᠨᠤᠭᠰᠠᠨ ᠬᠡᠦᠬᠡᠳ᠂ ᠤᠶᠠᠭᠰᠠᠨ ᠡᠵᠡᠨ ᠢᠶᠡᠨ ᠪᠠᠶᠠᠷᠯᠠᠭᠤᠯᠤᠯ᠎ᠠ᠃