Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠤᠷᠳᠤᠨ ᠮᠣᠷᠢᠨ ᠤ ᠤᠨᠤᠭᠠᠴᠢ ᠬᠡᠦᠬᠡᠳ ᠦᠳ ᠲᠦ ᠪᠠᠶᠠᠷ ᠬᠦᠷᠭᠡᠵᠦ᠂ ᠭᠠᠷ ᠤᠨ ᠪᠡᠯᠡᠭ ᠭᠠᠷᠳᠠᠭᠤᠯᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠯᠭᠤᠷ ᠲᠥᠷᠦ ᠢᠢᠨ 2227᠂ ᠶᠡᠬᠡ ᠮᠣᠩᠭ᠋᠋ᠣᠯ ᠤᠯᠤᠰ ᠤᠨ 812᠂ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 107 ᠂ ᠠᠷᠠᠳ ᠤᠨ ᠬᠤᠪᠢᠰᠬᠠᠯ ᠤᠨ 97 ᠵᠢᠯ ᠦᠨ ᠣᠢ᠂ ᠠᠷᠠᠳᠴᠢᠯᠠᠭᠰᠠᠨ ᠬᠤᠪᠢᠰᠬᠠᠯ ᠤᠨ 29 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢᠶᠠᠷ ᠠᠵᠢᠷᠭ᠎ᠠ᠂ ᠶᠡᠬᠡ ᠨᠠᠰᠤ᠂ ᠰᠣᠶᠣᠭᠠᠯᠠᠩ᠂ ᠬᠢᠵᠠᠭᠠᠯᠠᠩ᠂ ᠰᠢᠳᠦᠯᠡᠩ᠂ ᠳᠠᠭ᠎ᠠ ᠨᠠᠰᠤᠨ ᠤ ᠬᠤᠷᠳᠤᠨ ᠮᠣᠷᠢᠨ ᠤ ᠤᠷᠤᠯᠳᠤᠭᠠᠨ ᠳᠤ ᠤᠨᠤᠭᠰᠠᠨ ᠬᠦᠯᠦᠭ ᠢᠶᠡᠨ ᠲᠦᠷᠦᠭᠦᠦ ᠮᠠᠩᠨᠠᠢ᠂ ᠠᠮᠠᠨ ᠬᠦᠵᠦᠭᠦᠨ ᠳᠥ ᠤᠷᠤᠯᠳᠤᠭᠤᠯᠵᠤ᠂ ᠠᠢᠢᠷᠠᠭᠳᠠᠭᠤᠯᠤᠭᠰᠠᠨ ᠤᠨᠤᠭᠠᠴᠢ ᠬᠡᠦᠬᠡᠳ ᠦᠳ ᠲᠥ ᠭᠠᠷ ᠤᠨ ᠪᠡᠯᠡᠭ ᠢᠶᠡᠨ ᠭᠠᠷᠳᠠᠭᠤᠯᠤᠯ᠎ᠠ᠃ ᠮᠥᠨ ᠤᠨᠤᠭᠠᠴᠢ ᠬᠡᠦᠬᠡᠳ ᠦᠳ ᠲᠥ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠪᠡ᠃