Та "Internet explorer"-ийн сүүлийн хувилбар болох "Microsoft edge"-г ашиглана уу

Хэрэв "Microsoft edge"-г татах бол энд дарж татаж авна уу

ᠠᠯᠲᠠᠨ ᠭᠠᠳᠠᠰᠤ ᠣᠳᠣᠨ ᠢᠶᠠᠷ ᠱᠠᠩᠨᠠᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠢᠶᠠᠷ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠣᠷᠣᠭᠤᠯᠤᠭᠰᠠᠨ ᠬᠤᠪᠢ ᠨᠡᠮᠡᠷᠢ ᠢᠢ ᠨᠢ ᠥᠨᠳᠥᠷ ᠢᠶᠡᠷ ᠦᠨᠡᠯᠡᠵᠦ᠂ ᠥᠨᠥᠳᠥᠷ ᠣᠷᠣᠰ ᠤᠨ ᠬᠣᠯᠪᠣᠭᠠᠨ ᠤ ᠤᠯᠤᠰ ᠢᠢᠨ ᠢᠷᠭᠡᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠢ ᠲᠥᠷᠥ ᠢᠢᠨ ᠳᠡᠭᠡᠳᠦ ᠱᠠᠩᠨᠠᠯ ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠢ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠠᠯᠲᠠᠨ ᠭᠠᠳᠠᠰᠤ ᠣᠳᠣᠨ ᠢ ᠣᠷᠣᠰ ᠤᠨ ᠬᠣᠯᠪᠣᠭᠠᠨ ᠤ ᠤᠯᠤᠰ ᠢᠢᠨ ᠢᠷᠭᠡᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠳᠤ ᠭᠠᠷᠳᠠᠭᠤᠯᠵᠤ᠂ ᠪᠠᠶᠠᠷ ᠬᠦᠷᠭᠡᠪᠡ᠃

 

ᠱᠠᠩᠨᠠᠯ ᠭᠠᠷᠳᠠᠭᠤᠯᠬᠤ ᠦᠶ᠎ᠡ ᠪᠡᠷ ᠨᠣᠶᠠᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠨᠢ ᠮᠣᠩᠭ᠋ᠣᠯ ᠲᠥᠷᠥ ᠢᠢᠨ ᠳᠡᠭᠡᠳᠦ ᠱᠠᠩᠨᠠᠯ ᠠᠯᠲᠠᠨ ᠭᠠᠳᠠᠰᠤ ᠣᠳᠣᠨ ᠬᠦᠷᠲᠡᠵᠦ ᠪᠤᠢ ᠳᠤ ᠪᠠᠨ ᠭᠦᠨ ᠲᠠᠯᠠᠷᠬᠠᠯ ᠢᠯᠡᠷᠬᠡᠢᠢᠯᠡᠵᠦ᠂ ᠴᠢᠨᠠᠭᠰᠢᠳᠠ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠢᠯᠡᠭᠦᠦ ᠶᠡᠬᠡ ᠬᠢᠴᠢᠶᠡᠯ ᠵᠢᠳᠬᠦᠯ ᠭᠠᠷᠭᠠᠨ ᠠᠵᠢᠯᠯᠠᠬᠤ ᠪᠠᠨ ᠬᠡᠯᠡᠭᠰᠡᠨ ᠶᠤᠮ᠃ ᠮᠥᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠮᠣᠩᠭ᠋ᠣᠯ ᠤᠯᠤᠰ ᠠᠨ᠋ᠲ᠋ᠠᠷᠺᠲ᠋ᠢᠳ᠋ ᠲᠢᠪ ᠲᠥ ᠰᠤᠳᠤᠯᠭ᠎ᠠ ᠬᠢᠵᠦ ᠡᠬᠢᠯᠡᠭᠰᠡᠨ ᠲᠡᠢ ᠬᠣᠯᠪᠣᠭᠳᠠᠭᠤᠯᠤᠨ ᠲᠤᠰ ᠲᠢᠪ ᠲᠥ ᠪᠠᠢᠢᠷᠢᠯᠠᠬᠤ ᠸᠣᠰᠲ᠋ᠣᠺ ᠰᠲ᠋ᠠᠨᠼ ᠳᠤ ᠳᠥᠷᠪᠡᠨ ᠰᠠᠷ᠎ᠠ ᠮᠠᠨᠳᠤᠭᠰᠠᠨ ᠮᠣᠩᠭ᠋ᠣᠯ ᠤᠯᠤᠰ ᠤᠨ ᠳᠠᠯᠪᠠᠭ᠎ᠠ ᠢᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠤ ᠭᠠᠷᠳᠠᠭᠤᠯᠤᠨ ᠥᠭ᠍ᠭᠦᠭ᠍ᠰᠡᠨ ᠶᠤᠮ᠃

 

ᠨᠣᠶᠠᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠨᠢ ᠮᠣᠩᠭ᠋ᠣᠯ ᠤᠯᠤᠰ ᠲᠤ 10 ᠭᠠᠷᠤᠢ ᠵᠢᠯ ᠠᠵᠢᠯᠯᠠᠬᠤ ᠳᠤ ᠪᠠᠨ 90 ᠭᠠᠷᠤᠢ ᠤᠯᠤᠰ ᠲᠤ ᠲᠦᠭᠡᠭᠡᠭ᠍ᠳᠡᠳᠡᠭ ᠮᠣᠩᠭ᠋ᠣᠯ ᠤᠯᠤᠰ ᠤᠨ ᠲᠤᠬᠠᠢ ᠮᠡᠳᠡᠭᠡᠨ ᠦ ᠣᠷᠣᠰ᠂ ᠠᠩᠯᠢ᠂ ᠬᠢᠲᠠᠳ ᠬᠡᠯᠡ ᠳᠡᠭᠡᠷᠡᠬᠢ ᠴᠠᠬᠢᠮ ᠬᠠᠭᠤᠳᠠᠰᠤ ᠢᠢ ᠠᠵᠢᠯᠯᠠᠭᠤᠯᠵᠤ᠂ ᠮᠣᠩᠭ᠋ᠣᠯ ᠣᠷᠣᠨ ᠤ ᠬᠥᠭ᠍ᠵᠢᠯ ᠳᠥ ᠬᠤᠪᠢ ᠨᠡᠮᠡᠷᠢ ᠣᠷᠣᠭᠤᠯᠬᠤᠢᠢᠴᠠ ᠮᠡᠳᠡᠭᠡ᠂ ᠮᠡᠳᠡᠭᠡᠯᠡᠯ ᠪᠡᠯᠡᠳᠬᠡᠨ ᠬᠦᠷᠭᠡᠭ᠍ᠰᠡᠨ ᠪᠠᠢᠢᠨ᠎ᠠ᠃ ᠲᠤᠬᠠᠢᠢᠯᠠᠪᠠᠯ᠂ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠨᠢ 2014 ᠣᠨ ᠳᠤ 《ᠮᠣᠩᠭ᠋ᠣᠯ ᠤᠯᠤᠰ ᠠᠩᠬᠠᠳᠠᠭᠴᠢ》 ᠨᠢ ᠪᠠᠢᠢᠭᠰᠠᠨ ᠨᠡᠷ᠎ᠡ ᠲᠡᠢ ᠪᠠᠷᠢᠮᠲᠠᠲᠤ ᠺᠢᠨᠣᠨ ᠤ ᠨᠠᠢᠢᠷᠠᠭᠤᠯᠤᠭᠴᠢ ᠪᠠᠷ ᠠᠵᠢᠯᠯᠠᠵᠤ᠂ ᠠᠤᠭ᠎ᠠ ᠶᠡᠬᠡ ᠳᠠᠢᠢᠨ ᠤ ᠦᠶ᠎ᠡ ᠳᠥ ᠮᠣᠩᠭ᠋ᠣᠯ ᠤᠯᠤᠰ ᠠᠴᠠ ᠵᠥᠪᠯᠡᠯᠲᠦ ᠬᠣᠯᠪᠣᠭᠠᠲᠤ ᠤᠯᠤᠰ ᠤᠨ ᠠᠷᠠᠳ ᠲᠦᠮᠡᠨ ᠳᠥ ᠦᠵᠡᠭᠦᠯᠦᠭᠰᠡᠨ ᠥᠭ᠍ᠭᠢᠶᠡᠮᠦᠷ ᠲᠤᠰᠠᠯᠠᠮᠵᠢ ᠢᠢᠨ ᠲᠤᠬᠠᠢ ᠭᠦᠨᠵᠡᠭᠡᠢ᠂ ᠥᠷᠭᠡᠨ ᠬᠡᠮᠵᠢᠶᠡᠨ ᠦ ᠮᠡᠳᠡᠭᠡᠯᠡᠯ ᠢ ᠳᠡᠯᠡᠬᠡᠢ ᠳᠠᠬᠢᠨ᠎ᠠ ᠲᠦᠭᠡᠭᠡᠨ᠂ ᠰᠤᠷᠲᠠᠯᠴᠢᠯᠠᠵᠠᠢ᠃