Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠬᠤ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠨ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠶᠢᠰᠦᠳᠦᠭᠡᠷ ᠰᠠᠷ᠎ᠠ ᠢᠢᠨ 11-13 ᠍ ᠤ ᠡᠳᠦᠷ ᠦᠳ ᠲᠥ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠬᠤ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠳᠤ ᠣᠷᠣᠯᠴᠠᠨ᠎ᠠ᠃

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠤ ᠰᠠᠨᠠᠭᠠᠴᠢᠯᠠᠭ᠎ᠠ ᠪᠠᠷ ᠳᠥᠷᠪᠡ ᠳ᠋ᠡᠬᠢ ᠵᠢᠯ ᠳᠥ ᠪᠡᠨ ᠵᠣᠬᠢᠶᠠᠨ ᠪᠠᠢᠢᠭᠤᠯᠤᠭᠳᠠᠵᠤ ᠪᠤᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ᠂ ᠶᠠᠫᠣᠨ ᠤᠯᠤᠰ ᠤᠨ ᠶᠡᠷᠦᠩᠬᠡᠢ ᠰᠠᠢᠢᠳ ᠱᠢᠨᠵᠣ‍ ᠠᠪᠧ᠂ ᠪᠦᠭᠦᠳᠡ ᠨᠠᠢᠢᠷᠠᠮᠳᠠᠬᠤ᠍ ᠰᠣᠯᠣᠩᠭ᠋ᠤᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠨ ᠪᠣᠯᠤᠨ ᠪᠤᠰᠤᠳ ᠠᠯᠪᠠᠨ ᠤ ᠬᠦᠮᠦᠰ ᠤᠷᠤᠯᠴᠠᠬᠤ ᠶᠤᠮ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭᠠᠨ ᠤ ᠦᠶ᠎ᠡ ᠪᠡᠷ ᠲᠥᠷᠦ ᠢᠢᠨ ᠲᠡᠷᠢᠭᠦᠨ᠂ ᠶᠡᠷᠦᠩᠬᠡᠢ ᠰᠠᠢᠢᠳ ᠨᠠᠷ ᠤᠨ ᠲᠡᠷᠢᠭᠦᠯᠡᠬᠦ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ᠂ ᠮᠥᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠵᠡᠷᠭᠡ ᠪᠤᠰᠤᠳ ᠣᠷᠣᠨ ᠤ ᠲᠥᠷᠦ ᠢᠢᠨ ᠲᠡᠷᠢᠭᠦᠨ᠂ ᠶᠡᠷᠦᠩᠬᠡᠢ ᠰᠠᠢᠢᠳ ᠨᠠᠷ ᠲᠠᠢ ᠬᠣᠶᠠᠷ ᠲᠠᠯ᠎ᠠ ᠳᠤ ᠠᠭᠤᠯᠵᠠᠯᠲᠠ ᠬᠢᠬᠦ ᠪᠡᠷ ᠲᠥᠯᠦᠪᠯᠡᠵᠦ ᠪᠠᠢᠢᠨ᠎ᠠ᠃

 

ᠡᠨᠡᠬᠦ ᠴᠢᠭᠤᠯᠭ᠎ᠠ ᠠᠭᠤᠯᠵᠠᠯᠲᠠ ᠳᠤ ᠤᠷᠤᠯᠴᠠᠬᠤ ᠨᠢ ᠮᠣᠩᠭ᠋ᠣᠯ ᠤᠯᠤᠰ ᠲᠤ ᠬᠥᠷᠥᠩᠭᠡ ᠤᠷᠤᠭᠤᠯᠬᠤ᠂ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠶᠡᠬᠡᠬᠡᠨ ᠨᠥᠭᠡᠴᠡ ᠪᠣᠯᠤᠯᠴᠠᠭ᠎ᠠ ᠪᠠᠢᠢᠭ᠎ᠠ ᠢᠢ ᠣᠷᠣᠰ ᠤᠨ ᠬᠣᠯᠪᠣᠭᠠᠨ ᠤ ᠤᠯᠤᠰ ᠪᠣᠯᠤᠨ ᠭᠤᠷᠪᠠᠳᠠᠭᠴᠢ ᠣᠷᠣᠨ ᠨᠤᠭᠤᠳ ᠤᠨ ᠲᠥᠷᠥ ᠢᠢᠨ ᠪᠣᠯᠤᠨ ᠬᠤᠪᠢ ᠢᠢᠨ ᠬᠡᠪᠰᠢᠯ ᠦᠨ ᠺᠣᠮᠫᠠᠨᠢ ᠨᠤᠭᠤᠳ ᠤᠨ ᠲᠥᠯᠥᠭᠡᠯᠡᠭᠴᠢ ᠨᠠᠷ ᠲᠤ ᠲᠠᠨᠢᠭᠤᠯᠬᠤ᠂ ᠳᠡᠯᠡᠬᠡᠢ᠂ ᠪᠥᠰᠡ ᠨᠤᠲᠤᠭ ᠤᠨ ᠡᠳ᠋ ᠍ ᠦᠨ ᠵᠠᠰᠠᠭ ᠤᠨ ᠬᠥᠭ᠍ᠵᠢᠯ ᠦᠨ ᠢᠷᠡᠭᠡᠳᠦᠢ ᠢᠢᠨ ᠴᠢᠭ᠌ ᠬᠠᠨᠳᠤᠯᠭ᠎ᠠ᠂ ᠪᠤᠰᠤᠳ ᠤᠯᠤᠰ ᠣᠷᠣᠨ ᠤ ᠪᠣᠳᠣᠯᠭ᠎ᠠ᠂ ᠪᠠᠢᠢᠷᠢ ᠰᠠᠭᠤᠷᠢ ᠢᠢᠨ ᠲᠠᠯ᠎ᠠ ᠪᠠᠷ ᠮᠡᠳᠡᠭᠡᠯᠡᠯ ᠠᠪᠬᠤ ᠴᠢᠬᠤᠯᠠ ᠠᠴᠢ ᠬᠣᠯᠪᠣᠭᠳᠠᠯ ᠲᠠᠢ ᠶᠤᠮ᠃