Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠲᠠᠢ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠲᠠᠢ ᠥᠨᠥᠳᠥᠷ ᠠᠭᠤᠯᠵᠠᠵᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠳᠡᠯᠭᠡᠷᠡᠩᠭᠦᠢ ᠰᠠᠨᠠᠯ ᠰᠣᠯᠢᠯᠴᠠᠵᠤ᠂ ᠶᠠᠷᠢᠯᠴᠠᠯ᠎ᠠ᠃

 

ᠠᠭᠤᠯᠵᠠᠯᠲᠠ ᠢᠢᠨ ᠡᠬᠢᠨ ᠳᠥ ᠬᠣᠶᠠᠷ ᠣᠷᠣᠨ ᠤ ᠲᠥᠷᠥ ᠢᠢᠨ ᠲᠡᠷᠢᠭᠦᠨ ᠨᠠᠷ ᠸᠯᠠᠳᠢᠸᠤᠰᠲ᠋ᠣᠺ ᠲᠤ ᠪᠣᠯᠵᠤ ᠪᠤᠢ ᠡᠳ᠋ ᠍ ᠦᠨ ᠵᠠᠰᠠᠭ ᠤᠨ ᠹᠣᠷᠣᠢᠮ ᠤᠨ ᠦᠶ᠎ᠡ ᠪᠡᠷ ᠠᠯᠤᠰ ᠳᠣᠷᠣᠨᠠᠲᠤ ᠳᠤ ᠳᠠᠬᠢᠨ ᠠᠭᠤᠯᠵᠠᠵᠤ ᠪᠠᠢᠢᠭ᠎ᠠ ᠳᠤ ᠪᠠᠨ ᠰᠡᠳᠬᠢᠯ ᠬᠠᠩᠭ᠋ᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠳᠥ ᠡᠨᠡ ᠠᠭᠤᠯᠵᠠᠯᠲᠠ ᠨᠤᠭᠤᠳ ᠶᠡᠬᠡᠬᠡᠨ ᠠᠴᠢ ᠬᠣᠯᠪᠣᠭᠳᠠᠯ ᠲᠠᠢ ᠢᠢ ᠣᠨᠴᠠᠯᠠᠭᠰᠠᠨ ᠶᠤᠮ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩᠭ᠋ᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠤᠬᠠᠢ 1993 ᠣᠨ ᠤ ᠭᠡᠷ᠎ᠡ ᠢᠢ ᠰᠢᠨᠡᠴᠢᠯᠡᠨ ᠬᠤᠭᠤᠴᠠᠭ᠎ᠠ ᠦᠭᠡᠢ ᠪᠡᠷ ᠪᠠᠢᠢᠭᠤᠯᠬᠤ ᠲᠤᠬᠠᠢ ᠡᠮᠦᠨ᠎ᠡ ᠲᠠᠯᠪᠢᠭᠰᠠᠨ ᠰᠠᠨᠠᠯ ᠢᠶᠠᠨ ᠳᠤᠷᠠᠳᠴᠤ᠂ ᠣᠷᠣᠰ ᠤᠨ ᠬᠣᠯᠪᠣᠭᠠᠨ ᠤ ᠤᠯᠤᠰ ᠠᠴᠠ ᠣᠯᠭᠣᠬᠤ 100 ᠲᠡᠷᠪᠤᠮ ᠷᠦᠪᠯᠢ ᠢᠢᠨ ᠬᠥᠩᠭᠡᠯᠡᠯᠲᠡ ᠲᠡᠢ ᠵᠡᠭᠡᠯᠢ ᠢᠢ ᠤᠯᠠᠭᠠᠨᠪᠠᠭᠠᠲᠤᠷ ᠤᠨ ᠲᠡᠮᠦᠷ ᠵᠠᠮ ᠨᠡᠢᠢᠭᠡᠮᠯᠢᠭ᠌ ᠦᠨ ᠰᠢᠨᠡᠴᠢᠯᠡᠯ ᠪᠣᠯᠤᠨ ᠡᠷᠴᠢᠮ ᠬᠦᠴᠦᠨ ᠦ ᠰᠠᠯᠪᠤᠷᠢ ᠳᠤ ᠵᠣᠷᠢᠭᠤᠯᠬᠤ᠂ ᠬᠣᠶᠠᠷ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠵᠦ ᠪᠥᠰᠡ ᠨᠤᠲᠤᠭ ᠤᠨ ᠠᠶᠤᠯ ᠦᠭᠡᠢ ᠪᠠᠢᠢᠳᠠᠯ ᠤᠨ ᠬᠠᠮᠲᠤ ᠢᠢᠨ ᠠᠵᠢᠯᠯᠠᠭᠠᠨ ᠤ ᠰᠢᠨᠡᠴᠢᠯᠡᠭᠰᠡᠨ ᠲᠥᠯᠥᠪᠯᠡᠭᠡ ᠭᠠᠷᠭᠠᠵᠤ ᠠᠵᠢᠯᠯᠠᠬᠤ ᠠᠰᠠᠭᠤᠳᠠᠯ ᠢᠶᠠᠷ ᠶᠠᠷᠢᠯᠴᠠᠪᠠ᠃ ᠮᠥᠨ ᠠᠯᠤᠰ ᠳᠣᠷᠣᠨᠠᠲᠤ ᠳᠤ ᠳᠠᠯᠠᠢ ᠢᠢᠨ ᠪᠣᠭᠣᠮᠲᠠ ᠠᠰᠢᠭᠯᠠᠬᠤ ᠠᠰᠠᠭᠤᠳᠠᠯ ᠢ ᠰᠤᠳᠤᠯᠵᠤ ᠪᠤᠢ ᠢᠢ ᠪᠠᠨ ᠳᠤᠷᠠᠳᠴᠤ᠂ ᠭᠤᠷᠪᠠᠨ ᠤᠯᠤᠰ ᠤᠨ ᠡᠳ᠋ ᠍ ᠦᠨ ᠵᠠᠰᠠᠭ ᠤᠨ ᠺᠣᠷᠢᠳᠣᠷ ᠤᠨ ᠠᠵᠢᠯ ᠢ ᠡᠷᠴᠢᠮᠵᠢᠭᠦᠯᠬᠦ ᠬᠠᠮᠲᠤᠷᠠᠭᠰᠠᠨ ᠠᠵᠢᠯ ᠤᠨ ᠬᠡᠰᠡᠭ ᠪᠠᠢᠢᠭᠤᠯᠬᠤ ᠭᠡᠬᠦ ᠮᠡᠲᠦ ᠬᠡᠳᠦ ᠬᠡᠳᠦᠨ ᠲᠣᠳᠣᠷᠬᠠᠢ ᠰᠠᠨᠠᠯ ᠤᠳ ᠢᠯᠡᠷᠬᠡᠢᠢᠯᠡᠵᠦ ᠶᠠᠷᠢᠯᠴᠠᠯ᠎ᠠ᠃ ᠮᠥᠨ ᠵᠡᠭᠦᠨ ᠬᠣᠢᠢᠳᠤ ᠠᠽᠢᠶ᠎ᠠ ᠢᠢᠨ ᠡᠷᠴᠢᠮ ᠬᠦᠴᠦᠨ ᠦ ᠰᠤᠢᠫᠧᠷ ᠰᠦᠯᠵᠢᠶ᠎ᠡ ᠪᠠᠢᠢᠭᠤᠯᠬᠤ ᠳᠤ ᠬᠠᠮᠲᠤᠷᠠᠵᠤ ᠠᠵᠢᠯᠯᠠᠬᠤ ᠠᠰᠠᠭᠤᠳᠠᠯ ᠢᠶᠠᠷ ᠰᠠᠨᠠᠯ ᠢᠶᠠᠨ ᠢᠯᠡᠷᠬᠡᠢᠢᠯᠡᠵᠦ᠂ ᠰᠠᠨᠠᠯ᠂ ᠲᠥᠰᠥᠯ ᠦᠳ ᠲᠡᠢ ᠬᠣᠯᠪᠣᠭ᠎ᠠ ᠲᠠᠢ ᠡᠳ᠋ ᠍ ᠦᠨ ᠵᠠᠰᠠᠭ ᠤᠨ ᠲᠣᠭᠠᠴᠠᠭ᠎ᠠ ᠰᠤᠳᠤᠯᠭ᠎ᠠ ᠢᠢ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠳᠥ ᠭᠠᠷᠳᠠᠭᠤᠯᠤᠯ᠎ᠠ᠃

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠪᠦᠬᠦᠢ ᠯᠠ ᠰᠠᠯᠪᠤᠷᠢ ᠳᠤ ᠡᠶᠡᠷᠬᠦ ᠦᠵᠡᠭᠦᠯᠦᠯᠲᠡ ᠲᠡᠢ᠂ ᠰᠡᠭᠦᠯ ᠦᠨ ᠵᠢᠯ ᠦᠳ ᠲᠥ ᠡᠳ᠋ ᠍ ᠦᠨ ᠵᠠᠰᠠᠭ ᠤᠨ ᠥᠰᠦᠯᠲᠡ ᠲᠡᠢ ᠪᠠᠢᠢᠭ᠎ᠠ ᠳᠤ ᠰᠡᠳᠬᠢᠯ ᠬᠠᠩᠭ᠋ᠠᠯᠤᠭᠤᠨ ᠪᠠᠢᠢᠭ᠎ᠠ ᠪᠠᠨ ᠣᠨᠴᠠᠯᠠᠭᠠᠳ ᠴᠠᠭᠠᠰᠢᠳᠠ ᠬᠥᠳᠡᠭᠡ ᠠᠵᠤ ᠠᠬᠤᠢ᠂ ᠲᠡᠮᠦᠷ ᠵᠠᠮ᠂ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠤᠯᠠᠮ ᠪᠦᠷ ᠡᠷᠴᠢᠮᠵᠢᠭᠦᠯᠬᠦ ᠰᠣᠨᠢᠷᠬᠠᠯ ᠲᠠᠢ ᠪᠠᠢᠢᠭ᠎ᠠ ᠪᠠᠨ ᠬᠡᠯᠡᠭᠰᠡᠨ ᠶᠤᠮ᠃ ᠮᠥᠨ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢ ᠬᠣᠯᠪᠣᠭᠰᠠᠨ ᠪᠠᠢᠢᠭᠠᠯᠢ ᠢᠢᠨ ᠬᠡᠢ ᠢᠢᠨ ᠬᠣᠭᠣᠯᠠᠢ ᠢᠢ ᠮᠣᠩᠭ᠋ᠣᠯ ᠤᠯᠤᠰ ᠤᠨ ᠨᠤᠲᠤᠭ ᠢᠶᠠᠷ ᠳᠠᠮᠵᠢᠭᠤᠯᠬᠤ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠡᠮᠦᠨ᠎ᠡ ᠲᠠᠯᠪᠢᠭᠰᠠᠨ ᠰᠠᠨᠠᠯ ᠢ ᠳᠡᠮᠵᠢᠵᠦ ᠪᠠᠢᠢᠭ᠎ᠠ ᠪᠠᠨ ᠳᠠᠬᠢᠨ ᠨᠣᠲᠠᠯᠠᠪᠠ᠃ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠣᠷᠣᠰ ᠤᠨ ᠬᠣᠯᠪᠣᠭᠠᠨ ᠤ ᠤᠯᠤᠰ ᠠᠴᠠ ᠮᠣᠩᠭ᠋ᠣᠯ ᠤᠯᠤᠰ ᠲᠤ ᠣᠯᠭᠤᠬᠤ ᠪᠠᠷ ᠶᠠᠷᠢᠯᠴᠠᠵᠤ ᠪᠠᠢᠢᠭ᠎ᠠ 100 ᠲᠡᠷᠪᠤᠮ ᠷᠦᠪᠯᠢ ᠢᠢᠨ ᠬᠥᠩᠭᠡᠯᠡᠯᠲᠡ ᠲᠡᠢ ᠵᠡᠭᠡᠯᠢ ᠢᠢ ᠤᠯᠠᠭᠠᠨᠪᠠᠭᠠᠲᠤᠷ ᠤᠨ ᠲᠡᠮᠦᠷ ᠵᠠᠮ ᠤᠨ ᠪᠣᠯᠤᠨ ᠳᠤᠯᠠᠭᠠᠨ ᠤ ᠴᠠᠬᠢᠯᠭᠠᠨ ᠰᠲ᠋ᠠᠨ᠋ᠼᠢ ᠢᠢᠨ ᠰᠢᠨᠡᠴᠢᠯᠡᠯ ᠳᠥ ᠵᠠᠷᠤᠴᠠᠭᠤᠯᠬᠤ ᠪᠣᠯᠤᠮᠵᠢ ᠲᠠᠢ ᠬᠡᠮᠡᠨ ᠬᠡᠯᠡᠭᠰᠡᠨ ᠶᠤᠮ᠃

 

ᠲᠠᠯ ᠤᠳ ᠢᠷᠡᠬᠦ ᠵᠢᠯ ᠲᠣᠬᠢᠶᠠᠬᠤ ᠬᠠᠯᠬ᠎ᠠ ᠢᠢᠨ ᠭᠣᠣᠯ ᠤᠨ ᠲᠤᠯᠠᠭᠠᠨ ᠤ 80 ᠵᠢᠯ ᠦᠨ ᠣᠢ ᠢᠢ ᠬᠠᠮᠲᠤᠷᠠᠨ ᠲᠡᠮᠳᠡᠭᠯᠡᠬᠦ᠂ ᠡᠨᠡ ᠬᠦᠷᠢᠶᠡᠨ ᠳᠥ ᠬᠠᠮᠲᠤᠷᠠᠭᠰᠠᠨ ᠦᠵᠡᠰᠬᠦᠯᠡᠩ᠂ ᠤᠷᠠᠨ ᠰᠠᠢᠢᠬᠠᠨ ᠤ ᠪᠣᠯᠤᠨ ᠪᠠᠷᠢᠮᠲᠠᠲᠤ ᠺᠢᠨᠣ᠋᠂ ᠨᠣᠮ ᠵᠣᠬᠢᠶᠠᠯ ᠭᠠᠷᠭᠠᠬᠤ ᠪᠠᠷ ᠲᠣᠬᠢᠷᠠᠯᠴᠠᠯ᠎ᠠ᠃ ᠮᠥᠨ ᠤᠭ ᠣᠢ ᠢᠢ ᠬᠠᠮᠲᠤᠷᠠᠨ ᠲᠡᠮᠳᠡᠭᠯᠡᠬᠦ ᠵᠣᠷᠢᠯᠭ᠎ᠠ ᠪᠠᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦ᠋ᠲ᠋ᠢᠨ ᠢ ᠮᠣᠩᠭ᠋ᠣᠯ ᠤᠯᠤᠰ ᠲᠤ ᠠᠢᠢᠯᠴᠢᠯᠠᠬᠤ ᠢᠢ ᠤᠷᠢᠪᠠ᠃