Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ 《ᠬᠢᠯᠢ ᠶᠢᠨ ᠴᠢᠨᠠᠳᠤ ᠳ᠋ᠠᠬᠢ ᠮᠣᠩᠭᠣᠯᠴᠤᠳ ᠤᠨ ᠬᠣᠯᠪᠣᠭ᠎ᠠ》 ᠍ ᠤ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠮᠣᠩᠭ᠋ᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤ᠂ 《ᠬᠢᠯᠢ ᠢᠢᠨ ᠴᠢᠨᠠᠳᠤ ᠳ᠋ᠠᠬᠢ ᠮᠣᠩᠭ᠋ᠣᠯᠴᠤᠳ ᠤᠨ ᠵᠥᠪᠯᠡᠯ》 ᠲᠥᠷᠦ ᠢᠢᠨ ᠪᠤᠰᠤ ᠪᠠᠢᠢᠭᠤᠯᠤᠯᠭ᠎ᠠ ᠲᠠᠢ ᠬᠠᠮᠲᠤᠷᠠᠨ 《ᠬᠢᠯᠢ ᠢᠢᠨ ᠴᠢᠨᠠᠳᠤ ᠳ᠋ᠠᠬᠢ ᠮᠣᠩᠭ᠋ᠣᠯᠴᠤᠳ ᠤᠨ ᠬᠣᠯᠪᠣᠭ᠎ᠠ᠂ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠤᠨ III ᠴᠢᠭᠤᠯᠭ᠎ᠠ ᠠᠭᠤᠯᠵᠠᠯᠲᠠ》 ᠍ ᠢ ᠵᠣᠬᠢᠶᠠᠨ ᠪᠠᠢᠢᠭᠤᠯᠵᠤ ᠪᠠᠢᠢᠭ᠎ᠠ ᠶᠤᠮ᠃

 

ᠡᠳᠡᠭᠡᠷ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠨᠢ ᠬᠢᠯᠢ ᠢᠢᠨ ᠴᠢᠨᠠᠳᠤ ᠳᠤ ᠠᠮᠢᠳᠤᠷᠠᠵᠤ᠂ ᠠᠵᠢᠯᠯᠠᠵᠤ᠂ ᠰᠤᠷᠴᠤ ᠪᠤᠢ ᠮᠣᠩᠭ᠋ᠣᠯ ᠢᠷᠭᠡᠳ ᠦᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠢᠷᠭᠡᠳ ᠦᠨ ᠨᠡᠢᠢᠭᠡᠮ ᠦᠨ ᠠᠰᠠᠭᠤᠳᠠᠯ ᠢ ᠰᠢᠢᠳᠪᠦᠷᠢᠯᠡᠬᠦ ᠵᠡᠷᠭᠡ ᠴᠢᠭᠯᠡᠯ ᠢᠶᠡᠷ ᠠᠵᠢᠯᠯᠠᠳᠠᠭ ᠪᠥᠭᠡᠳ ᠤᠯᠠᠭᠠᠨᠪᠠᠭᠠᠲᠤᠷ ᠬᠣᠲᠠ ᠳᠤ III ᠴᠢᠭᠤᠯᠭ᠎ᠠ ᠠᠭᠤᠯᠵᠠᠯᠲᠠ ᠪᠠᠨ ᠵᠣᠬᠢᠶᠠᠨ ᠪᠠᠢᠢᠭᠤᠯᠵᠤ ᠪᠠᠢᠢᠭ᠎ᠠ ᠶᠤᠮ᠃

 

ᠴᠢᠭᠤᠯᠭ᠎ᠠ᠂ ᠠᠭᠤᠯᠵᠠᠯᠲᠠ ᠢᠢᠨ ᠬᠦᠷᠢᠶᠡᠨ ᠳᠥ 40 ᠭᠠᠷᠤᠢ ᠤᠯᠤᠰ ᠲᠤ ᠦᠢᠯᠡ ᠠᠵᠢᠯᠯᠠᠭ᠎ᠠ ᠶᠠᠪᠤᠭᠤᠯᠵᠤ ᠪᠤᠢ ᠮᠣᠩᠭ᠋ᠣᠯᠴᠤᠳ ᠤᠨ ᠬᠣᠯᠪᠣᠭᠠᠨ ᠤ ᠲᠥᠯᠥᠭᠡᠯᠡᠯ ᠦᠳ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠠᠭᠤᠯᠵᠠᠵᠤ᠂ ᠶᠠᠷᠢᠯᠴᠠᠭᠰᠠᠨ ᠶᠤᠮ᠃

 

ᠠᠭᠤᠯᠵᠠᠯᠲᠠ ᠢᠢᠨ ᠡᠬᠢᠨ ᠳᠥ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠢᠳᠤᠷᠠᠨ ᠪᠤᠢ ᠤᠯᠤᠰ ᠲᠤ ᠪᠠᠨ ᠡᠯᠢᠭᠡ ᠨᠢᠭᠡᠲᠡᠨ ᠨᠦᠭᠦᠳ ᠦᠨ ᠢᠶᠡᠨ ᠡᠷᠬᠡ ᠠᠰᠢᠭ ᠢ ᠬᠠᠮᠠᠭᠠᠯᠠᠬᠤ ᠪᠣᠯᠤᠭᠠᠳ ᠮᠣᠩᠭ᠋ᠣᠯ ᠥᠪ ᠰᠤᠶᠤᠯ ᠢᠶᠠᠨ ᠲᠦᠭᠡᠭᠡᠨ ᠳᠡᠯᠭᠡᠷᠡᠭᠦᠯᠵᠦ ᠪᠤᠢ ᠲᠥᠷᠥ ᠢᠢᠨ ᠪᠤᠰᠤ ᠪᠠᠢᠢᠭᠤᠯᠤᠯᠭ᠎ᠠ ᠢᠢᠨ ᠲᠥᠯᠥᠭᠡᠯᠡᠯ ᠦᠳ ᠲᠥ ᠲᠠᠯᠠᠷᠬᠠᠵᠤ ᠪᠤᠢ ᠢᠢ ᠪᠠᠨ ᠬᠡᠯᠡᠭᠡᠳ ᠴᠢᠭᠤᠯᠭᠠᠨ ᠤ ᠦᠢᠯᠡ ᠠᠵᠢᠯᠯᠠᠭᠠᠨ ᠳᠤ ᠨᠢ ᠠᠮᠵᠢᠯᠲᠠ ᠬᠦᠰᠡᠪᠡ᠃ ᠮᠥᠨ ᠬᠢᠯᠢ ᠢᠢᠨ ᠴᠢᠨᠠᠳᠤ ᠳᠤ ᠪᠤᠢ ᠮᠣᠩᠭ᠋ᠣᠯᠴᠤᠳ ᠲᠤ ᠲᠤᠯᠭᠠᠷᠡᠵᠤ ᠪᠠᠢᠢᠭ᠎ᠠ ᠵᠠᠷᠢᠮ ᠠᠰᠠᠭᠤᠳᠠᠯ ᠨᠠᠭᠠᠰᠢ ᠲᠠᠢ ᠪᠠᠷ ᠰᠢᠢᠳᠦᠭᠳᠡᠵᠦ᠂ ᠦᠷ᠎ᠡ ᠳ᠋ᠦᠩ ᠭᠠᠷᠴᠤ ᠪᠠᠢᠢᠭᠠᠳ ᠥᠩᠭᠡᠷᠡᠭᠰᠡᠨ ᠵᠢᠯ ᠦᠳ ᠦᠨ ᠴᠢᠭᠤᠯᠭᠠᠨ᠂ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠤᠨ ᠬᠢᠴᠢᠶᠡᠯ ᠵᠢᠳᠬᠦᠯ ᠲᠡᠢ ᠰᠠᠯᠤᠰᠢ ᠦᠭᠡᠢ ᠬᠣᠯᠪᠣᠭᠠᠲᠠᠢ ᠢᠢ ᠣᠨᠴᠠᠯᠠᠨ ᠳᠤᠷᠠᠳᠴᠤ᠂ ᠥᠨᠥ ᠬᠢᠷᠢ ᠲᠤᠯᠭᠠᠷᠠᠵᠤ ᠪᠤᠢ ᠵᠠᠷᠢᠮ ᠠᠰᠠᠭᠤᠳᠠᠯ ᠤᠨ ᠬᠦᠷᠢᠶᠡᠨ ᠳᠥ ᠳᠡᠯᠭᠡᠷᠡᠩᠭᠦᠢ ᠶᠠᠷᠢᠯᠴᠠᠯ᠎ᠠ᠃

 

《ᠬᠢᠯᠢ ᠢᠢᠨ ᠴᠢᠨᠠᠳᠤ ᠳ᠋ᠠᠬᠢ ᠮᠣᠩᠭ᠋ᠣᠯᠴᠤᠳ ᠤᠨ ᠬᠣᠯᠪᠣᠭ᠎ᠠ》 ᠍ ᠤ ᠲᠡᠷᠢᠭᠦᠨ ᠨ ∙ ᠨᠣᠮᠤᠨ-ᠡᠷᠳᠡᠨᠢ ᠢᠢᠨ ᠳᠤᠷᠠᠳᠠᠰᠤᠨ ᠢᠶᠠᠷ ᠵᠠᠰᠠᠭ ᠤᠨ ᠭᠠᠵᠠᠷ᠂ ᠭᠠᠳᠠᠭᠠᠳᠤ ᠬᠠᠷᠢᠯᠴᠠᠭᠠᠨ ᠤ ᠶᠠᠮᠤ ᠬᠢᠯᠢ ᠢᠢᠨ ᠴᠢᠨᠠᠳᠤ ᠳ᠋ᠠᠬᠢ ᠮᠣᠩᠭ᠋ᠣᠯ ᠢᠷᠭᠡᠳ ᠲᠥ ᠵᠣᠷᠢᠭᠤᠯᠤᠭᠰᠠᠨ ᠪᠣᠳᠣᠯᠭ᠎ᠠ ᠬᠡᠷᠡᠭᠵᠢᠭᠦᠯᠵᠦ ᠡᠬᠢᠯᠡᠭᠰᠡᠨ ᠢᠶᠡᠷ ᠭᠠᠳᠠᠭᠠᠳᠤ ᠳᠤ ᠪᠠᠢᠢᠭ᠎ᠠ ᠮᠣᠩᠭ᠋ᠣᠯ ᠢᠷᠭᠡᠳ ᠦᠨ ᠨᠥᠬᠥᠴᠡᠯ ᠪᠠᠢᠢᠳᠠᠯ ᠰᠠᠢᠢᠵᠢᠷᠠᠵᠤ᠂ ᠮᠥᠨ ᠺᠣᠨᠰᠤᠢᠯ ᠤᠨ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠢᠢᠨ ᠰᠤᠳᠤᠯᠭ᠎ᠠ ᠬᠢᠵᠦ ᠡᠬᠢᠯᠡᠭᠰᠡᠨ ᠲᠤᠯᠠ ᠴᠢᠨᠠᠭᠰᠢᠳᠠ ᠺᠣᠨᠰᠤᠢᠯ ᠤᠨ ᠭᠠᠵᠠᠷ ᠤᠳ ᠤᠨ ᠦᠢᠯᠡ ᠠᠵᠢᠯᠯᠠᠭ᠎ᠠ ᠢᠷᠭᠡᠳ ᠲᠥ ᠢᠯᠡᠭᠦᠦ ᠨᠡᠭᠡᠭᠡᠯᠲᠡᠲᠡᠢ᠂ ᠣᠢᠢᠷ᠎ᠠ ᠪᠣᠯᠤᠨ᠎ᠠ ᠭᠡᠳᠡᠭ ᠲᠥ ᠣᠯᠠᠨ ᠢᠷᠭᠡᠳ ᠢᠲᠡᠭᠡᠯᠲᠡᠢ ᠪᠠᠢᠢᠭ᠎ᠠ ᠭᠡᠰᠡᠨ ᠶᠤᠮ᠃ ᠮᠥᠨ ᠣᠳᠣ ᠪᠠᠷ ᠵᠠᠷᠢᠮ ᠤᠯᠤᠰ ᠲᠤ ᠠᠵᠢᠯᠯᠠᠵᠤ ᠪᠠᠢᠢᠭ᠎ᠠ ᠢᠷᠭᠡᠳ ᠲᠤᠬᠠᠢ ᠢᠢᠨ ᠤᠯᠤᠰ ᠲᠤ ᠪᠠᠨ ᠨᠡᠢᠢᠭᠡᠮ ᠦᠨ ᠳᠠᠭᠠᠭᠠᠳᠬᠠᠯ ᠲᠥᠯᠦᠵᠦ᠂ ᠮᠣᠩᠭ᠋ᠣᠯ ᠤᠯᠤᠰ ᠠᠴᠠ ᠲᠡᠳᠬᠦᠪᠦᠷᠢ ᠠᠪᠬᠤ ᠬᠠᠤᠯᠢ ᠡᠷᠬᠡ ᠵᠦᠢ ᠢᠢᠨ ᠣᠷᠴᠢᠨ ᠪᠦᠷᠢᠳᠦᠭᠰᠡᠨ ᠬᠡᠳᠦᠢ ᠴᠤ ᠡᠨᠡ ᠪᠣᠳᠣᠯᠭ᠎ᠠ ᠢᠢ ᠢᠯᠡᠭᠦᠦ ᠣᠯᠠᠨ ᠤᠯᠤᠰ ᠲᠤ ᠬᠡᠷᠡᠭᠵᠢᠭᠦᠯᠬᠦ ᠠᠰᠠᠭᠤᠳᠠᠯ ᠢᠶᠠᠷ ᠡᠷᠬᠡ ᠪᠠᠷᠢᠭᠴᠢᠳ ᠢ ᠬᠢᠴᠢᠶᠡᠯ ᠵᠢᠳᠬᠦᠯ ᠭᠠᠷᠭᠠᠨ ᠠᠵᠢᠯᠯᠠᠬᠤ ᠶᠣᠰᠣᠲᠠᠢ ᠭᠡᠵᠦ ᠬᠢᠯᠢ ᠢᠢᠨ ᠴᠢᠨᠠᠳᠤ ᠳᠤ ᠰᠠᠭᠤᠭ᠎ᠠ ᠮᠣᠩᠭ᠋ᠣᠯ ᠢᠷᠭᠡᠳ ᠬᠦᠰᠡᠵᠦ ᠪᠤᠢ ᠢᠢ ᠤᠯᠠᠮᠵᠢᠯᠠᠭᠰᠠᠨ ᠶᠤᠮ᠃

 

ᠮᠥᠨ ᠠᠯᠪᠠᠨ ᠪᠤᠰᠤ ᠲᠣᠭ᠎ᠠ ᠪᠠᠷ 41 ᠮᠢᠩᠭ᠋᠎ᠠ ᠭᠠᠷᠤᠢ ᠣᠶᠤᠲᠠᠨ ᠭᠠᠳᠠᠭᠠᠳᠤ ᠤᠯᠤᠰ ᠲᠤ ᠰᠤᠷᠤᠯᠴᠠᠵᠤ᠂ ᠴᠢᠨᠠᠷᠲᠠᠢ ᠠᠺᠠᠳᠧᠮᠢᠺ ᠪᠣᠯᠪᠠᠰᠤᠷᠠᠯ ᠡᠵᠡᠮᠰᠢᠵᠦ ᠪᠠᠢᠢᠭ᠎ᠠ ᠴᠤ ᠮᠣᠩᠭ᠋ᠣᠯ ᠤᠯᠤᠰ ᠲᠤ ᠪᠠᠨ ᠢᠷᠡᠵᠦ ᠠᠵᠢᠯᠯᠠᠬᠤ ᠨᠥᠬᠥᠴᠡᠯ ᠪᠣᠯᠤᠮᠵᠢ ᠣᠳᠣ ᠬᠢᠷᠢ ᠨᠢ ᠪᠦᠷᠢᠳᠦᠭᠡ ᠦᠭᠡᠢ ᠪᠠᠢᠢᠭ᠎ᠠ ᠨᠢ ᠮᠣᠩᠭ᠋ᠣᠯ ᠤᠯᠤᠰ ᠳ᠋ᠠᠬᠢ ᠬᠥᠳᠡᠯᠮᠦᠷᠢ ᠢᠢᠨ ᠦᠨᠡᠯᠡᠮᠵᠢ᠂ ᠬᠥᠳᠡᠯᠮᠦᠷᠢ ᠢᠢᠨ ᠵᠠᠬ᠎ᠠ ᠵᠡᠭᠡᠯᠢ ᠢᠢᠨ ᠰᠤᠳᠤᠯᠭ᠎ᠠ ᠳᠤᠲᠠᠮᠠᠭ ᠵᠡᠷᠭᠡ ᠠᠰᠠᠭᠤᠳᠠᠯ ᠠᠴᠠ ᠡᠭᠦᠳᠦᠯ ᠲᠡᠢ ᠭᠡᠵᠦ 23 ᠤᠯᠤᠰ ᠲᠤ ᠪᠠᠢᠢᠭᠤᠯᠤᠭᠳᠠᠭᠰᠠᠨ ᠣᠶᠤᠲᠠᠨ ᠤ ᠬᠣᠯᠪᠣᠭ᠎ᠠ ᠳᠤ ᠨᠡᠢᠢᠲᠡᠯᠢᠭ ᠢᠶᠡᠷ ᠳ᠋ᠦᠩᠨᠡᠳᠡᠭ ᠪᠠᠢᠢᠨ᠎ᠠ᠃ ᠲᠡᠢᠢᠮᠦ ᠡᠴᠡ ᠡᠳᠡᠭᠡᠷ ᠠᠰᠠᠭᠤᠳᠠᠯ ᠢ ᠴᠢᠭᠤᠯᠭᠠᠨ ᠤ ᠦᠶ᠎ᠡ ᠪᠡᠷ ᠶᠠᠷᠢᠯᠴᠠᠭᠰᠠᠨ ᠪᠥᠭᠡᠳ ᠵᠠᠰᠠᠭ ᠤᠨ ᠭᠠᠵᠠᠷ᠂ ᠭᠠᠳᠠᠭᠠᠳᠤ ᠬᠠᠷᠢᠯᠴᠠᠭᠠᠨ ᠤ ᠶᠠᠮᠤ ᠵᠡᠷᠭᠡ ᠲᠥᠷᠥ ᠢᠢᠨ ᠪᠠᠢᠢᠭᠤᠯᠤᠯᠭ᠎ᠠ ᠨᠤᠭᠤᠳ ᠣᠶᠤᠲᠠᠨ ᠤ ᠬᠣᠯᠪᠣᠭᠠᠳ ᠲᠠᠢ ᠨᠢᠭ᠌ᠲᠠ ᠬᠠᠮᠲᠤᠷᠠᠨ ᠠᠵᠢᠯᠯᠠᠵᠤ ᠶᠠᠭᠤᠨ ᠲᠦᠷᠦᠭᠦᠨ ᠳᠥ ᠲᠣᠭᠠᠴᠠᠭ᠎ᠠ᠂ ᠰᠤᠳᠤᠯᠭ᠎ᠠ ᠬᠢᠬᠦ ᠱᠠᠭᠠᠷᠳᠠᠯᠭ᠎ᠠ ᠲᠠᠢ ᠭᠡᠵᠦ ᠳ᠋ᠦᠩᠨᠡᠭᠰᠡᠨ ᠲᠠᠯ᠎ᠠ ᠪᠠᠷ ᠲᠠᠨᠢᠯᠴᠠᠭᠤᠯᠪᠠ᠃

 

ᠬᠠᠷᠢᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠭᠠᠳᠠᠭᠠᠳᠤ ᠳᠤ ᠪᠤᠢ ᠢᠷᠭᠡᠳ ᠲᠥ ᠲᠤᠯᠭᠠᠷᠠᠵᠤ ᠪᠠᠢᠢᠭ᠎ᠠ ᠵᠠᠷᠢᠮ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠡᠯᠡᠵᠦ᠂ ᠴᠢᠨᠠᠭᠰᠢᠳᠠ ᠲᠣᠭᠠᠴᠠᠭ᠎ᠠ ᠰᠤᠳᠤᠯᠭ᠎ᠠ ᠬᠢᠵᠦ᠂ ᠬᠠᠮᠲᠤᠷᠠᠨ ᠠᠵᠢᠯᠯᠠᠬᠤ ᠪᠥᠷᠢᠨ ᠪᠣᠯᠤᠮᠵᠢ ᠲᠠᠢ ᠭᠡᠳᠡᠭ ᠢᠶᠡᠨ ᠢᠯᠡᠷᠬᠡᠢᠢᠯᠡᠭᠰᠡᠨ ᠶᠤᠮ᠃

 

ᠮᠥᠨ ᠬᠢᠯᠢ ᠢᠢᠨ ᠴᠢᠨᠠᠳᠤ ᠳᠤ ᠦᠢᠯᠡ ᠠᠵᠢᠯᠯᠠᠭ᠎ᠠ ᠶᠠᠪᠤᠭᠤᠯᠳᠠᠭ ᠲᠥᠷᠦ ᠢᠢᠨ ᠪᠤᠰᠤ ᠪᠠᠢᠢᠭᠤᠯᠤᠯᠭ᠎ᠠ ᠢᠢᠨ ᠲᠥᠯᠦᠭᠡᠯᠡᠯ ᠦᠳ ᠮᠣᠩᠭ᠋ᠣᠯ ᠤᠨ ᠰᠣᠶᠣᠯ ᠤᠨ ᠡᠳᠦᠷ ᠦᠳ ᠵᠣᠬᠢᠶᠠᠨ ᠪᠠᠢᠢᠭᠤᠯᠬᠤ᠂ ᠭᠠᠳᠠᠭᠠᠳᠤ ᠳᠤ ᠪᠤᠢ ᠮᠣᠩᠭ᠋ᠣᠯ ᠬᠡᠦᠬᠡᠳ ᠦᠳ ᠲᠥ ᠮᠣᠩᠭ᠋ᠣᠯ ᠬᠡᠯᠡ᠂ ᠤᠷᠠᠨ ᠵᠣᠬᠢᠶᠠᠯ ᠵᠡᠷᠭᠡ ᠬᠢᠴᠢᠶᠡᠯ ᠵᠢᠭᠠᠬᠤ᠂ ᠥᠪ ᠰᠣᠶᠣᠯ ᠢᠶᠠᠨ ᠥᠪᠯᠡᠭᠦᠯᠬᠦ᠂ ᠭᠠᠳᠠᠭᠠᠳᠤ ᠳᠤ ᠪᠤᠢ ᠢᠷᠭᠡᠳ ᠦᠨ ᠮᠣᠩᠭ᠋ᠣᠯ ᠣᠷᠣᠨ ᠳᠤ ᠪᠠᠨ ᠣᠷᠣᠭᠤᠯᠵᠤ ᠪᠣᠯᠬᠤ ᠬᠤᠪᠢ ᠨᠡᠮᠡᠷᠢ ᠢᠢᠨ ᠠᠰᠠᠭᠤᠳᠠᠯ ᠢᠶᠠᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠲᠡᠢ ᠳᠡᠯᠭᠡᠷᠡᠩᠭᠦᠢ ᠶᠠᠷᠢᠯᠴᠠᠯ᠎ᠠ᠃