Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠶᠢᠨ ᠨᠢᠭᠡᠳᠦᠭᠰᠡᠨ ᠤᠯᠤᠰ ᠤᠨ ᠺᠣᠩᠷᠧᠰᠰ ᠤᠨ ᠭᠡᠰᠢᠭᠦᠳ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠮᠣᠩᠭ᠋ᠣᠯ ᠤᠯᠤᠰ ᠲᠤ ᠠᠯᠪᠠᠨ ᠠᠢᠢᠯᠴᠢᠯᠠᠯ ᠬᠢᠵᠦ ᠪᠠᠢᠢᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠲᠠᠩᠬᠢᠮ ᠤᠨ ᠭᠡᠰᠢᠭᠦᠳ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠲᠥᠯᠦᠭᠡᠯᠡᠭᠴᠢᠳ ᠦᠨ ᠲᠠᠩᠬᠢᠮ ᠤᠨ ᠭᠠᠳᠠᠭᠠᠳᠤ ᠪᠣᠳᠣᠯᠭ᠎ᠠ ᠢᠢᠨ ᠪᠠᠢᠢᠩᠭ᠋ᠤ ᠢᠢᠨ ᠬᠣᠷᠢᠶᠠᠨ ᠤ ᠠᠽᠢᠶ᠎ᠠ᠂ ᠨᠣᠮᠣᠬᠠᠨ ᠳᠠᠯᠠᠢ ᠢᠢᠨ ᠳᠡᠳ᠋ ᠬᠣᠷᠢᠶᠠᠨ ᠤ ᠳᠠᠷᠤᠭ᠎ᠠ᠂ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ ᠲᠸᠳ᠋ ᠶᠣᠾᠣ‍ ᠪᠣᠯᠤᠨ ᠺᠣᠩᠷᠧᠰᠰ ᠤᠨ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ ᠡᠯᠢᠰᠠᠪᠧᠲ ᠡᠰᠲ᠋ᠢ᠂ ᠲᠣᠮ ᠭᠠᠷᠷᠧᠲ᠂ ᠪᠦᠪᠧᠨ ᠺᠢᠬᠦᠢᠧᠨ ᠨᠠᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠬᠣᠶᠠᠷ ᠤᠯᠤᠰ ᠤᠨ ᠡᠳ᠋ ᠍ ᠦᠨ ᠵᠠᠰᠠᠭ᠂ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠣᠯᠤᠭᠠᠳ ᠲᠤᠰ ᠤᠯᠤᠰ ᠤᠨ ᠺᠣᠩᠷᠧᠰᠰ ᠲᠤ ᠬᠡᠯᠡᠯᠴᠡᠭᠦᠯᠵᠦ ᠪᠤᠢ ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ ᠢᠢᠨ ᠠᠰᠠᠭᠤᠳᠠᠯ ᠢᠶᠠᠷ ᠶᠠᠷᠢᠯᠴᠠᠯ᠎ᠠ᠃ ᠮᠥᠨ ᠮᠢᠩᠭ᠋ᠠᠨ ᠤ ᠰᠣᠷᠢᠯᠲᠠ ᠢᠢᠨ ᠰᠠᠩ ᠤᠨ ᠬᠣᠶᠠᠷ ᠳᠠᠬᠢ ᠺᠣᠮᠫᠠᠺᠲ ᠭᠡᠷ᠎ᠡ 350 ᠰᠠᠶ᠎ᠠ ᠠᠮ‍.ᠳ᠋ᠣᠯᠯᠠᠷ ᠤᠨ ᠳ᠋ᠦᠩᠲᠡᠢ ᠪᠡᠷ ᠭᠠᠷ ᠤᠨ ᠦᠰᠦᠭ ᠵᠢᠷᠤᠭᠳᠠᠬᠤ ᠪᠠᠷ ᠪᠣᠯᠵᠤ ᠰᠢᠢᠳᠦᠭᠳᠡᠭᠰᠡᠨ ᠢ ᠲᠠᠯ᠎ᠠ ᠨᠤᠭᠤᠳ ᠰᠠᠢᠢᠰᠢᠶᠠᠨ ᠲᠡᠮᠳᠡᠭᠯᠡᠭᠰᠡᠨ ᠶᠤᠮ᠃

 

ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ ᠨᠢ ᠮᠣᠩᠭ᠋ᠣᠯ ᠤᠨ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠢ ᠠᠮᠧᠷᠢᠺᠠ ᠢᠢᠨ ᠨᠢᠭᠡᠳᠦᠭᠰᠡᠨ ᠤᠯᠤᠰ ᠢᠢᠨ ᠵᠠᠬ᠎ᠠ ᠵᠡᠭᠡᠯᠢ ᠳᠥ ᠲᠠᠲᠠᠪᠤᠷᠢ ᠦᠭᠡᠢ ᠡᠺᠰᠫᠣᠷᠲᠯᠠᠬᠤ᠂ ᠮᠣᠩᠭ᠋ᠣᠯ ᠤᠯᠤᠰ-ᠠᠮᠧᠷᠢᠺᠠ ᠢᠢᠨ ᠨᠢᠭᠡᠳᠦᠭᠰᠡᠨ ᠤᠯᠤᠰ ᠤᠨ ᠬᠣᠭᠣᠷᠣᠨᠳᠣᠬᠢ ᠬᠤᠳᠠᠯᠳᠤᠭ᠎ᠠ ᠨᠡᠮᠡᠭᠳᠡᠬᠦ ᠡᠴᠡ ᠭᠠᠳᠠᠨ᠎ᠠ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠦ ᠰᠠᠯᠪᠤᠷᠢ ᠳᠤ ᠮᠣᠩᠭ᠋ᠣᠯ ᠡᠮᠡᠭᠲᠡᠢᠢᠴᠦᠳ ᠦᠨ ᠠᠵᠢᠯ ᠤᠨ ᠪᠠᠢᠢᠷᠢ ᠣᠯᠠᠨ ᠢᠶᠠᠷ ᠨᠡᠮᠡᠭᠳᠡᠬᠦ ᠴᠢᠬᠤᠯᠠ ᠠᠴᠢ ᠬᠣᠯᠪᠣᠭᠳᠠᠯ ᠲᠠᠢ ᠬᠠᠤᠯᠢ ᠢᠢᠨ ᠲᠥᠰᠥᠯ ᠶᠤᠮ᠃ ᠤᠭ ᠬᠠᠤᠯᠢ ᠢᠢᠨ ᠲᠥᠰᠦᠯ ᠮᠣᠩᠭ᠋ᠣᠯ ᠤᠯᠤᠰ ᠲᠤ ᠬᠡᠴᠢᠨᠡᠨ ᠴᠢᠬᠤᠯᠠ ᠪᠠᠢᠢᠭ᠎ᠠ ᠢᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢᠢᠯᠪᠤᠷᠢᠯᠠᠵᠤ᠂ 30-40 ᠮᠢᠩᠭ᠋ᠠᠨ ᠮᠣᠩᠭ᠋ᠣᠯ ᠡᠮᠡᠭᠲᠡᠢ ᠠᠵᠢᠯ ᠤᠨ ᠪᠠᠢᠢᠷᠢ ᠲᠠᠢ ᠪᠣᠯᠬᠤ ᠪᠣᠯᠤᠮᠵᠢ ᠲᠠᠢ ᠬᠡᠮᠡᠨ ᠣᠨᠴᠠᠯᠠᠪᠠ᠃

 

ᠮᠥᠨ ᠲᠠᠯ᠎ᠠ ᠨᠤᠭᠤᠳ ᠮᠣᠩᠭ᠋ᠣᠯ ᠤᠯᠤᠰ ᠲᠤ ᠬᠥᠭ᠍ᠵᠢᠵᠦ ᠪᠤᠢ ᠠᠷᠠᠳᠴᠢᠯᠠᠯ ᠢ ᠪᠡᠬᠢᠵᠢᠭᠦᠯᠬᠦ᠂ ᠡᠳ᠋ ᠍ ᠦᠨ ᠵᠠᠰᠠᠭ ᠢ ᠲᠥᠷᠦᠯᠵᠢᠭᠦᠯᠬᠦ ᠪᠣᠯᠤᠮᠵᠢ ᠪᠣᠯᠤᠨ ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠢᠢᠨ ᠦᠷ᠎ᠡ ᠳ᠋ᠦᠩᠲᠡᠢ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠵᠤ ᠶᠠᠷᠢᠯᠴᠠᠯ᠎ᠠ᠃