Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ 《ᠮᠣᠩᠭᠣᠯ ᠤᠨ ᠥᠮᠥᠭᠡᠯᠡᠭᠴᠢᠳ ᠦᠨ ᠬᠣᠯᠪᠣᠭ᠎ᠠ》 ᠍ ᠢ ᠠᠯᠲᠠᠨ ᠭᠠᠳᠠᠰᠤ ᠣᠳᠣᠨ ᠢᠶᠠᠷ ᠱᠠᠩᠨᠠᠪᠠ

ᠮᠣᠩᠭ᠋ᠣᠯ ᠤᠯᠤᠰ ᠲᠤ ᠥᠮᠥᠭᠡᠯᠡᠭᠴᠢᠳ ᠦᠨ ᠪᠠᠢᠢᠭᠤᠯᠤᠭᠠ ᠡᠭᠦᠰᠴᠦ᠂ ᠬᠥᠭ᠍ᠵᠢᠭᠰᠡᠨ ᠦ ᠲᠡᠦᠬᠡᠲᠦ 90 ᠵᠢᠯ ᠦᠨ ᠣᠢ ᠲᠣᠬᠢᠶᠠᠵᠤ ᠪᠠᠢᠢᠨ᠎ᠠ᠃ ᠡᠨᠡᠬᠦ ᠲᠡᠦᠬᠡᠨ ᠣᠢ ᠢᠢ ᠲᠣᠬᠢᠶᠠᠯᠳᠤᠭᠤᠯᠤᠨ ᠥᠮᠥᠭᠡᠯᠡᠭᠴᠢᠳ ᠦᠨ ᠪᠠᠢᠢᠭᠤᠯᠤᠯᠭ᠎ᠠ ᠨᠤᠭᠤᠳ ᠥᠨᠥᠳᠥᠷ ᠲᠥᠷᠦ ᠢᠢᠨ ᠣᠷᠳᠣᠨ ᠤ ᠶᠡᠬᠡ ᠲᠠᠩᠬᠢᠮ ᠳᠤ 90 ᠵᠢᠯ ᠦᠨ ᠣᠢ ᠢᠢᠨ ᠪᠠᠶᠠᠷ ᠤᠨ ᠬᠤᠷᠠᠯ ᠢᠶᠠᠨ ᠬᠢᠯ᠎ᠡ᠃

 

ᠡᠨᠡᠬᠦ ᠬᠤᠷᠠᠯ ᠳᠤ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠮᠣᠩᠭ᠋ᠣᠯ ᠤᠯᠤᠰ ᠲᠤ ᠡᠷᠬᠡ ᠴᠢᠯᠦᠭᠡ᠂ ᠰᠢᠳᠤᠷᠭᠤ ᠶᠣᠰᠣ ᠢᠢ ᠪᠡᠬᠢᠵᠢᠭᠦᠯᠬᠦ᠂ ᠬᠦᠮᠦᠨᠯᠢᠭ ᠢᠷᠭᠡᠨ ᠦ ᠠᠷᠠᠳᠴᠢᠯᠠᠭᠰᠠᠨ ᠨᠡᠢᠢᠭᠡᠮ ᠢ ᠴᠣᠭᠴᠠᠯᠠᠭᠠᠨ ᠪᠠᠢᠢᠭᠤᠯᠬᠤ᠂ ᠬᠠᠤᠯᠢ ᠡᠷᠬᠡ ᠵᠦᠢ ᠢᠢᠨ ᠲᠣᠭᠳᠠᠯᠴᠠᠭ᠎ᠠ ᠢᠢ ᠪᠣᠯᠪᠠᠰᠤᠷᠠᠩᠭ᠋ᠤᠢ ᠪᠣᠯᠭᠠᠬᠤ᠂ ᠢᠷᠭᠡᠨ ᠬᠠᠤᠯᠢ ᠢᠢᠨ ᠡᠲᠡᠭᠡᠳ ᠲᠥ ᠡᠷᠬᠡ ᠵᠦᠢ ᠢᠢᠨ ᠲᠤᠰᠠᠯᠠᠯᠴᠠᠭ᠎ᠠ ᠦᠵᠡᠭᠦᠯᠬᠦ ᠪᠣᠯᠤᠨ ᠬᠠᠤᠯᠢ ᠪᠠᠷ ᠣᠯᠭᠣᠭᠳᠠᠭᠰᠠᠨ ᠡᠷᠬᠡ ᠢᠢ ᠲᠤᠭᠤᠰᠢᠲᠠᠢ ᠬᠠᠮᠠᠭᠠᠯᠠᠬᠤ᠂ ᠰᠢᠳᠤᠷᠭᠤ ᠶᠣᠰᠣ ᠢᠢ ᠲᠣᠭᠲᠠᠭᠠᠬᠤ ᠦᠢᠯᠡᠰ ᠲᠥ ᠣᠷᠣᠭᠤᠯᠤᠭᠰᠠᠨ ᠲᠤᠰ ᠪᠠᠢᠢᠭᠤᠯᠤᠯᠭ᠎ᠠ ᠢᠢᠨ ᠦᠶ᠎ᠡ ᠦᠶ᠎ᠡ ᠢᠢᠨ ᠬᠠᠤᠯᠢᠴᠢ᠂ ᠥᠮᠦᠭᠡᠯᠡᠭᠴᠢ᠂ ᠠᠵᠢᠯᠲᠠᠨ᠂ ᠠᠯᠪᠠᠨ ᠬᠠᠭᠠᠭᠴᠢᠳ ᠤᠨ ᠬᠢᠴᠢᠶᠡᠯ ᠵᠢᠳᠬᠦᠯ ᠢ ᠥᠨᠳᠦᠷ ᠢᠶᠡᠷ ᠦᠨᠡᠯᠡᠵᠦ 《ᠮᠣᠩᠭ᠋ᠣᠯ ᠤᠨ ᠥᠮᠥᠭᠡᠯᠡᠭᠴᠢᠳ ᠦᠨ ᠬᠣᠯᠪᠣᠭ᠎ᠠ》 ᠍ ᠢ ᠲᠥᠷᠦ ᠢᠢᠨ ᠳᠡᠭᠡᠳᠦ ᠱᠠᠩᠨᠠᠯ ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃