Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢᠨ ᠪᠦᠭᠦᠳᠡ ᠨᠠᠶᠢᠷᠠᠮᠳᠠᠬᠤ ᠠᠽᠧᠷᠪᠠᠶᠢᠵᠠᠨ ᠤᠯᠤᠰ ᠲᠤ ᠬᠢᠬᠦ ᠠᠵᠢᠯ ᠤᠨ ᠠᠶᠢᠯᠴᠢᠯᠠᠯ ᠡᠬᠢᠯᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠲᠤ ᠠᠵᠢᠯ ᠤᠨ ᠠᠢᠢᠯᠴᠢᠯᠠᠯ ᠬᠢᠬᠦ ᠪᠡᠷ ᠥᠨᠥᠳᠥᠷ ᠲᠤᠰ ᠤᠯᠤᠰ ᠤᠨ ᠨᠡᠢᠢᠰᠯᠡᠯ ᠪᠠᠺᠦ᠋ ᠬᠣᠲᠠ ᠢᠢᠨ ᠣᠯᠠᠨ ᠤᠯᠤᠰ ᠤᠨ ᠨᠢᠰᠬᠦ ᠣᠩᠭ᠋ᠣᠴᠠᠨ ᠤ ᠪᠠᠭᠤᠳᠠᠯ ᠳᠤ ᠭᠠᠵᠠᠷᠳᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠠᠽᠧᠷᠪᠠᠢᠢᠵᠠᠨ ᠤᠯᠤᠰ ᠤᠨ ᠵᠠᠯᠠᠭᠤᠴᠤᠳ᠂ ᠰᠫᠣᠷᠲ ᠤᠨ ᠰᠠᠢᠢᠳ ᠠᠽᠠᠳ᠋ ᠷᠠᠬᠢᠮᠣᠸ ᠲᠡᠷᠢᠭᠦᠲᠡᠢ ᠲᠤᠰ ᠤᠯᠤᠰ ᠤᠨ ᠠᠯᠪᠠᠨ ᠤ ᠬᠦᠮᠦᠰ ᠪᠣᠯᠤᠨ ᠮᠣᠩᠭ᠋ᠣᠯ ᠤᠯᠤᠰ ᠠᠴᠠ ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠷ ∙ ᠪᠣᠯᠣᠳ ᠨᠠᠷ ᠶᠣᠰᠣᠯᠠᠯ ᠲᠡᠭᠦᠯᠳᠡᠷ ᠤᠭᠲᠤᠪᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠰ ᠤᠯᠤᠰ ᠲᠤ ᠠᠵᠢᠯ ᠤᠨ ᠠᠢᠢᠯᠴᠢᠯᠠᠯ ᠬᠢᠬᠦ ᠦᠶ᠎ᠡ ᠪᠡᠷ ᠢᠶᠡᠨ ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠤᠨ ᠶᠡᠷᠦᠩᠬᠡᠢᠢᠯᠡᠭᠴᠢ ᠢᠯᠬᠠᠮ ᠠᠯᠢᠶᠧᠸ ᠲᠠᠢ ᠠᠭᠤᠯᠵᠠᠨ᠎ᠠ᠃ ᠮᠥᠨ ᠠᠽᠧᠷᠪᠠᠢᠢᠵᠠᠨ ᠤᠯᠤᠰ ᠤᠨ ᠪᠠᠶᠠᠯᠢᠭ ᠤᠨ ᠰᠠᠩ ᠪᠤᠶᠤ ᠭᠠᠵᠠᠷ ᠤᠨ ᠲᠣᠰᠤᠨ ᠤ ᠰᠠᠩ ᠤᠨ ᠤᠳᠤᠷᠢᠳᠤᠯᠭ᠎ᠠ ᠨᠤᠭᠤᠳ ᠲᠠᠢ ᠠᠭᠤᠯᠵᠠᠵᠤ ᠦᠢᠯᠡ ᠠᠵᠢᠯᠯᠠᠭ᠎ᠠ ᠲᠠᠢ ᠨᠢ ᠲᠠᠨᠢᠯᠴᠠᠨ᠎ᠠ᠃