Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠳᠦ ᠲᠦᠷᠦᠭᠰᠡᠨ ᠡᠳᠦᠷ ᠦᠨ ᠮᠡᠨᠳᠦᠴᠢᠯᠡᠭᠡ ᠳᠡᠪᠰᠢᠭᠦᠯᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠦᠷᠦᠭᠰᠡᠨ ᠡᠳᠦᠷ ᠨᠢ ᠲᠣᠬᠢᠶᠠᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠡᠷᠬᠢᠮᠰᠦᠭ ᠨᠣᠶᠠᠨ ᠸᠯᠠᠳᠢᠮᠢᠷ ᠸᠯᠠᠳᠢᠮᠢᠷᠣᠸᠢᠴ ᠫᠦᠲ᠋ᠢᠨ ᠳᠤ ᠮᠡᠨᠳᠦᠴᠢᠯᠡᠭᠡ ᠳᠡᠪᠰᠢᠭᠦᠯᠦᠯ᠎ᠡ᠃

 

ᠮᠡᠨᠳᠦᠴᠢᠯᠴᠭᠡᠨ ᠳᠥ᠄

ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ᠂

 

ᠲᠠᠨ ᠤ ᠲᠦᠷᠦᠭᠰᠡᠨ ᠡᠳᠦᠷ ᠢ ᠲᠣᠬᠢᠶᠠᠯᠳᠤᠭᠤᠯᠤᠨ ᠴᠢᠩ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠵᠦ ᠪᠤᠢ ᠢᠢ ᠬᠦᠯᠢᠶᠡᠨ ᠠᠪᠤᠨ᠎ᠠ ᠤᠤ᠃

 

ᠲᠠ ᠪᠢᠳᠡᠨ ᠦ ᠴᠢᠨ᠋ᠳᠠᠣ‍᠂ ᠸᠯᠠᠳᠢᠸᠤᠰᠲ᠋ᠣᠺ᠂ ᠪᠠᠺᠦ᠋ ᠬᠣᠲᠠ ᠨᠤᠭᠤᠳ ᠲᠤ ᠬᠢᠭ᠍ᠰᠡᠨ ᠠᠵᠢᠯ ᠬᠡᠷᠡᠭᠴᠢ ᠠᠭᠤᠯᠵᠠᠯᠲᠠ ᠨᠤᠭᠤᠳ ᠤᠨ ᠦᠷ᠎ᠡ ᠳ᠋ᠦᠩ ᠨᠢ ᠮᠣᠩᠭ᠋ᠣᠯ᠂ ᠣᠷᠣᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠪᠦᠬᠦ ᠰᠠᠯᠪᠤᠷᠢ ᠢᠢᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠨ ᠬᠥᠭ᠍ᠵᠢᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

 

ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ ᠲᠠᠨ ᠳᠤ ᠡᠷᠡᠭᠦᠯ ᠡᠩᠬᠡ᠂ ᠠᠵᠢᠯ ᠤᠨ ᠥᠨᠳᠥᠷ ᠠᠮᠵᠢᠯᠲᠠ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ》 ᠭᠡᠵᠡᠢ᠃