Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠠᠽᠢᠶ᠎ᠠ-ᠧᠦ᠋ᠷᠣᠫᠠ ᠶᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠶᠢᠨ ᠨᠡᠭᠡᠭᠡᠯᠲᠡ ᠶᠢᠨ ᠬᠤᠷᠠᠯᠳᠤᠭᠠᠨ ᠳᠤ ᠣᠷᠣᠯᠴᠠᠵᠤ᠂ ᠦᠭᠡ ᠬᠡᠯᠡᠯ᠎ᠡ

ᠪᠧᠯᠬᠢ ᠤᠯᠤᠰ ᠤᠨ ᠪᠷᠦ᠋ᠰᠰᠧᠯ ᠬᠣᠲᠠᠨ᠎ᠠ ᠪᠣᠯᠵᠤ ᠪᠤᠢ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠢᠢᠨ ᠨᠡᠭᠡᠭᠡᠯᠲᠡ ᠢᠢᠨ ᠬᠤᠷᠠᠯ ᠧᠦ᠋ᠷᠣᠫᠠ ᠢᠢᠨ ᠵᠥᠪᠯᠡᠯ ᠦᠨ ᠲᠥᠪ ᠪᠠᠢᠢᠷᠢᠨ ᠳᠤ ᠥᠴᠥᠭᠡᠳᠦᠷ ᠡᠬᠢᠯᠡᠪᠡ᠃

 

ᠧᠦ᠋ᠷᠣᠫᠠ ᠢᠢᠨ ᠵᠥᠪᠯᠡᠯ ᠦᠨ ᠳᠠᠷᠤᠭ᠎ᠠ ᠳ᠋ᠤᠨᠠᠯᠳ᠋ ᠲᠤᠰᠺ ᠠᠰᠧᠮ ᠍ ᠤᠨ ᠳᠡᠭᠡᠳᠦ ᠬᠡᠮᠵᠢᠶᠡᠨ ᠦ ᠠᠭᠤᠯᠵᠠᠯᠲᠠ ᠢᠢ ᠨᠡᠭᠡᠭᠡᠵᠦ ᠦᠭᠡ ᠬᠡᠯᠡᠭᠰᠡᠨ ᠦ ᠳᠠᠷᠠᠭ᠎ᠠ ᠮᠣᠩ᠋ᠭᠣᠯ ᠤᠯᠤᠰ 2017 ᠣᠨ ᠳᠤ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 11  ᠳᠦᠭᠡᠷ ᠠᠭᠤᠯᠵᠠᠯᠲᠠ ᠢᠢ ᠵᠣᠬᠢᠶᠠᠨ ᠪᠠᠢᠢᠭᠤᠯᠤᠭᠰᠠᠨ ᠤ ᠬᠤᠪᠢ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠭᠡ ᠬᠡᠯᠡᠭᠰᠡᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄

《ᠡᠷᠬᠢᠮ ᠬᠦᠨᠳᠦᠳᠦ ᠲᠥᠷᠥ᠂ ᠵᠠᠰᠠᠭ ᠤᠨ ᠲᠡᠷᠢᠭᠦᠨ ᠨᠠᠷ ᠠ᠋᠂

​ᠬᠦᠨᠳᠦᠳᠦ ᠲᠥᠯᠥᠭᠡᠯᠡᠭᠴᠢᠳ ᠡ᠂

​ᠨᠣᠶᠠᠳ ᠬᠠᠲᠤᠭᠲᠠᠢ ᠨᠠᠷ ᠠ᠋᠂

 

​ᠶᠠᠭᠤᠨ ᠤ ᠡᠮᠦᠨ᠎ᠡ ᠠᠽᠢᠶ᠎ᠠ-ᠧᠦ᠋ᠷᠣᠫᠠ ᠢᠢᠨ ᠳᠡᠭᠡᠳᠦ ᠲᠦᠪᠰᠢᠨ ᠦ 12 ᠳ᠋ᠤᠭᠠᠷ ᠠᠭᠤᠯᠵᠠᠯᠲᠠ ᠢᠢ ᠠᠮᠵᠢᠯᠲᠠᠲᠠᠢ ᠵᠣᠬᠢᠶᠠᠨ ᠪᠠᠢᠢᠭᠤᠯᠵᠤ ᠪᠠᠢᠢᠭ᠎ᠠ ᠧᠦ᠋ᠷᠣᠫᠠ ᠢᠢᠨ ᠬᠣᠯᠪᠣᠭ᠎ᠠ᠂ ᠲᠡᠭᠦᠨ ᠦ ᠳᠣᠲᠣᠷ᠎ᠠ ᠧᠦ᠋ᠷᠣᠫᠠ ᠢᠢᠨ ᠵᠥᠪᠯᠡᠯ ᠦᠨ ᠶᠡᠷᠦᠩᠬᠡᠢᠢᠯᠡᠭᠴᠢ ᠳ᠋ᠤᠨᠠᠯᠳ᠋ ᠲᠤᠰᠺ᠂ ᠧᠦ᠋ᠷᠣᠫᠠ ᠢᠢᠨ ᠺᠣᠮᠢᠰ ᠤᠨ ᠶᠡᠷᠦᠩᠬᠡᠢᠢᠯᠡᠭᠴᠢ ᠵᠠᠨ – ᠺᠯᠣᠳ᠋ ᠶᠦᠺᠧᠷ ᠨᠠᠷ ᠲᠤ ᠪᠠᠶᠠᠷ ᠬᠦᠷᠭᠡᠵᠦ ᠪᠠᠢᠢᠭ᠎ᠠ ᠢᠢ ᠮᠢᠨᠢ ᠬᠦᠯᠢᠶᠡᠨ ᠠᠪᠤᠨ᠎ᠠ ᠤᠤ᠃

 

​ᠮᠥᠨ ᠠᠰᠧᠮ ᠍ ᠤᠨ ᠲᠦᠩᠰᠢ ᠣᠷᠣᠨ ᠨᠤᠭᠤᠳ ᠤᠨ ᠲᠥᠯᠥᠭᠡᠯᠡᠭᠴᠢᠳ ᠢ ᠡᠷᠲᠡᠨ ᠦ ᠲᠡᠦᠬᠡᠲᠦ᠂ ᠦᠵᠡᠰᠬᠦᠯᠡᠩᠲᠦ ᠪᠷᠦ᠋ᠰᠰᠧᠯ ᠬᠣᠲᠠ ᠳᠤ ᠪᠠᠨ ᠡᠯᠢᠭᠡᠰᠡᠭ ᠳᠣᠲᠣᠨᠣ ᠪᠠᠷ ᠬᠦᠯᠢᠶᠡᠨ ᠠᠪᠴᠤ ᠪᠠᠢᠢᠭ᠎ᠠ ᠪᠧᠯᠭᠢ ᠢᠢᠨ ᠵᠠᠰᠠᠭ ᠤᠨ ᠭᠠᠵᠠᠷ ᠲᠤ ᠭᠦᠨ ᠲᠠᠯᠠᠷᠬᠠᠯ ᠢᠶᠠᠨ ᠢᠯᠡᠷᠬᠡᠢᠢᠯᠡᠶ᠎ᠡ᠃

 

ᠥᠨᠥ ᠦᠶ᠎ᠡ ᠳᠥ ᠳᠡᠯᠡᠬᠡᠢ ᠳᠠᠬᠢᠨ ᠳᠤ ᠭᠠᠷᠴᠤ ᠪᠤᠢ ᠥᠭᠡᠷᠡᠴᠢᠯᠡᠯᠲᠡ ᠨᠦᠭᠦᠳ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠬᠠᠮᠲᠤ ᠢᠢᠨ ᠠᠵᠢᠯᠯᠠᠭ᠎ᠠ᠂ ᠲᠦᠩᠰᠢᠯᠡᠯ ᠢ ᠪᠡᠬᠢᠵᠢᠭᠦᠯᠬᠦ ᠳᠥ ᠪᠥᠰᠡ ᠨᠤᠲᠤᠭ ᠤᠨ ᠬᠠᠮᠲᠤ ᠢᠢᠨ ᠠᠵᠢᠯᠯᠠᠭᠠᠨ ᠤ ᠡᠭᠦᠷᠭᠡ ᠷᠣᠯᠢ ᠤᠯᠠᠮ ᠪᠦᠷᠢ ᠥᠰᠦᠨ ᠨᠡᠮᠡᠭᠳᠡᠵᠦ ᠪᠠᠢᠢᠨ᠎ᠠ᠃

 

1996 ᠣᠨ ᠠᠴᠠ ᠬᠣᠢᠢᠰᠢ ᠠᠰᠧᠮ  ᠨᠢ ᠵᠥᠪᠰᠢᠯᠴᠡᠯ ᠳᠥ ᠰᠠᠭᠤᠷᠢᠯᠠᠭᠰᠠᠨ ᠬᠠᠮᠲᠤ ᠢᠢᠨ ᠠᠵᠢᠯᠯᠠᠭ᠎ᠠ᠂ ᠶᠠᠷᠢᠶ᠎ᠠ ᠬᠡᠯᠡᠴᠡᠭᠡᠨ ᠦ ᠦᠷ᠎ᠡ ᠠᠰᠢᠭᠲᠠᠢ ᠲᠠᠯᠠᠪᠤᠷ ᠪᠠᠢᠢᠵᠤ ᠴᠢᠳᠠᠭᠰᠠᠨ ᠲᠤᠯᠠ ᠠᠽᠢᠶ᠎ᠠ᠂ ᠧᠦ᠋ᠷᠣᠫᠠ ᠲᠢᠪ ᠦᠨ ᠬᠠᠮᠲᠤ ᠢᠢᠨ ᠠᠵᠢᠯᠯᠠᠭ᠎ᠠ ᠨᠢ ᠤᠯᠤᠰ ᠲᠥᠷᠥ ᠪᠠ ᠠᠶᠤᠯ ᠦᠭᠡᠢ ᠪᠠᠢᠢᠳᠠᠯ᠂ ᠡᠳ᠋ ᠍ ᠦᠨ ᠵᠠᠰᠠᠭ᠂ ᠨᠡᠢᠢᠭᠡᠮ ᠰᠤᠶᠤᠯ ᠤᠨ ᠦᠨᠳᠦᠰᠦᠨ ᠭᠤᠷᠪᠠᠨ ᠲᠤᠯᠭᠠᠭᠤᠷᠢ ᠢᠢᠨ ᠬᠦᠷᠢᠶᠡᠨ ᠳᠥ ᠠᠰᠤᠷᠤ ᠶᠡᠬᠡ ᠥᠷᠭᠡᠵᠢᠨ ᠲᠡᠯᠡᠭᠰᠡᠨ ᠶᠤᠮ᠃

 

ᠥᠭᠡᠷ᠎ᠡ ᠪᠡᠷ ᠬᠡᠯᠡᠪᠡᠯ᠂ ᠥᠩᠭᠡᠷᠡᠭᠰᠡᠨ 20 ᠵᠢᠯ ᠳᠥ ᠠᠰᠧᠮ  ᠪᠣᠯ ᠠᠽᠢᠶ᠎ᠠ᠂ ᠧᠦ᠋ᠷᠣᠫᠠ ᠢᠢᠨ ᠲᠦᠩᠰᠢ ᠨᠦᠭᠦᠳ ᠪᠢᠳᠡᠨ ᠦ ᠠᠰᠠᠭᠤᠳᠠᠯ᠂ ᠰᠢᠢᠳᠦᠯ᠂ ᠪᠣᠯᠤᠮᠵᠢ ᠪᠠᠨ ᠴᠢᠯᠦᠭᠡᠲᠡᠢ ᠬᠡᠯᠡᠯᠴᠡᠳᠡᠭ ᠥᠪᠡᠷᠮᠢᠴᠡ ᠨᠢᠭᠡᠨ 《 ᠥᠷᠭᠥᠭᠡ ᠭᠡᠷ》 ᠪᠠᠢᠢᠵᠤ ᠴᠢᠳᠠᠭᠰᠠᠨ ᠪᠥᠭᠡᠳ ᠤᠯᠤᠰ ᠲᠥᠷᠥ᠂ ᠠᠶᠤᠯ ᠦᠭᠡᠢ ᠪᠠᠢᠢᠳᠠᠯ ᠤᠨ ᠠᠰᠠᠭᠤᠳᠠᠯ ᠠᠴᠠ ᠭᠠᠳᠠᠨ᠎ᠠ 《ᠬᠦᠮᠦᠰ ᠬᠣᠭᠣᠷᠣᠨᠳᠣ ᠢᠢᠨ ᠬᠠᠷᠢᠯᠴᠠᠭ᠎ᠠ》᠂ 《ᠤᠶᠠᠯᠳᠤᠭ᠎ᠠ ᠬᠣᠯᠪᠣᠭ᠎ᠠ》 ᠲᠡᠭᠦᠨ ᠦ ᠳᠣᠲᠣᠷ᠎ᠠ 《ᠬᠠᠲᠠᠭᠤ ᠪᠣᠯᠤᠨ ᠵᠥᠭᠡᠯᠡᠨ》 ᠤᠶᠠᠯᠳᠤᠭ᠎ᠠ ᠬᠣᠯᠪᠣᠭ᠎ᠠ᠂ 《ᠬᠠᠮᠲᠤ ᠢᠢᠨ ᠠᠵᠢᠯᠯᠠᠭᠠᠨ ᠤ ᠭᠠᠷ ᠲᠤ ᠪᠠᠷᠢᠭᠳᠠᠵᠤ ᠨᠢᠳᠦᠨ ᠳᠥ ᠬᠠᠷᠠᠭᠳᠠᠬᠤᠢᠢᠴᠠ ᠴᠢᠭᠯᠡᠯ ᠦᠳ》 ᠵᠡᠷᠭᠡ ᠣᠢᠢᠯᠠᠭᠠᠯᠲᠠ᠂ ᠵᠠᠷᠴᠢᠮ ᠨᠢ ᠠᠰᠧᠮ  ᠍ ᠤᠨ ᠪᠤᠰᠤᠳ ᠮᠧᠬᠠᠨᠢᠰᠮ ᠠᠴᠠ ᠢᠯᠭᠠᠭᠳᠠᠬᠤ ᠰᠢᠨᠵᠢ ᠴᠢᠨᠠᠷ᠂ ᠠᠰᠧᠮ  ᠍ ᠤᠨ ᠬᠠᠮᠲᠤ ᠢᠢᠨ ᠠᠵᠢᠯᠯᠠᠭᠠᠨ ᠤ ᠣᠨᠴᠠᠯᠢᠭ 《ᠨᠡᠷ᠎ᠡ ᠢᠢᠨ ᠬᠠᠭᠤᠳᠠᠰᠤ》 ᠪᠣᠯᠵᠤ ᠬᠥᠭ᠍ᠵᠢᠯ᠎ᠡ᠃

 

ᠬᠦᠨᠳᠦᠳᠦ ᠲᠥᠯᠥᠭᠡᠯᠡᠭᠴᠢᠳ ᠡ᠂

 

ᠮᠣᠩ᠋ᠭᠣᠯ ᠤᠯᠤᠰ 2006 ᠣᠨ ᠠᠴᠠ ᠠᠰᠧᠮ  ᠍ ᠤᠨ ᠦᠢᠯᠡ ᠠᠵᠢᠯᠯᠠᠭᠠᠨ ᠳᠤ ᠢᠳᠡᠪᠬᠢᠲᠡᠢ ᠣᠷᠣᠯᠴᠠᠵᠤ ᠡᠬᠢᠯᠡᠭᠰᠡᠨ ᠪᠥᠭᠡᠳ 2016 ᠣᠨ ᠳᠤ ᠠᠰᠧᠮ  ᠍ ᠤᠨ ᠳᠡᠭᠡᠳᠦ ᠲᠦᠪᠰᠢᠨ ᠦ 11  ᠳᠦᠭᠡᠷ ᠠᠭᠤᠯᠵᠠᠯᠲᠠ ᠢᠢ ᠤᠯᠠᠭᠠᠨᠪᠠᠭᠠᠲᠤᠷ ᠬᠣᠲᠠᠨ᠎ᠠ 《ᠤᠶᠠᠯᠳᠤᠭ᠎ᠠ ᠬᠣᠯᠪᠣᠭᠠᠲᠠᠢ ᠪᠠᠢᠢᠵᠤ ᠢᠷᠡᠭᠡᠳᠦᠢ ᠢᠢᠨ ᠲᠥᠯᠥᠭᠡ ᠲᠦᠩᠰᠢᠯᠡᠬᠦ ᠨᠢ》 ᠰᠡᠳᠦᠪ ᠦᠨ ᠳᠣᠣᠷ᠎ᠠ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠪᠢᠯᠡ᠃

 

ᠳᠡᠭᠡᠳᠦ ᠲᠦᠪᠰᠢᠨ ᠦ 11  ᠳᠦᠭᠡᠷ ᠠᠭᠤᠯᠵᠠᠯᠲᠠ ᠠᠴᠠ ᠪᠠᠲᠤᠯᠠᠭᠰᠠᠨ 《ᠳᠠᠷᠤᠭ᠎ᠠ ᠢᠢᠨ ᠮᠡᠳᠡᠭᠳᠡᠯ》᠂ 《ᠤᠯᠠᠭᠠᠨᠪᠠᠭᠠᠲᠤᠷ ᠤᠨ ᠲᠤᠩᠬᠠᠭᠯᠠᠯ》 ᠨᠢ ᠠᠰᠧᠮ  ᠍ ᠢᠢᠨ ᠭᠤᠷᠪᠠ ᠳᠠᠬᠢ ᠠᠷᠪᠠᠨ ᠵᠢᠯ ᠦᠨ ᠤᠯᠤᠰ ᠲᠥᠷᠥ ᠢᠢᠨ ᠶᠠᠷᠢᠶ᠎ᠠ ᠬᠡᠯᠡᠯᠴᠡᠭᠡ᠂ ᠡᠳ᠋ ᠍ ᠦᠨ ᠵᠠᠰᠠᠭ᠂ ᠨᠡᠢᠢᠭᠡᠮ ᠰᠤᠶᠤᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠰᠠᠨᠠᠯ ᠰᠠᠨᠠᠭᠠᠴᠢᠯᠭ᠎ᠠ ᠨᠤᠭᠤᠳ᠂ ᠲᠡᠳᠡᠭᠡᠷ ᠦᠨ ᠪᠣᠳᠠᠲᠤ ᠦᠷ᠎ᠡ ᠥᠭ᠍ᠭᠦᠭᠡᠵᠢ ᠢᠢ ᠨᠡᠮᠡᠭᠳᠡᠭᠦᠯᠬᠦ᠂ ᠤᠶᠠᠯᠳᠤᠭ᠎ᠠ ᠬᠣᠯᠪᠣᠭ᠎ᠠ ᠢᠢ ᠢᠯᠡᠭᠦᠦ ᠥᠷᠭᠡᠨ ᠬᠦᠷᠢᠶᠡᠨ ᠳᠥ ᠪᠡᠬᠢᠵᠢᠭᠦᠯᠬᠦ ᠳᠥ ᠴᠢᠭᠯᠡᠭᠰᠡᠨ ᠴᠢᠬᠤᠯᠠ ᠪᠠᠷᠢᠮᠲᠠ ᠪᠢᠴᠢᠭ᠌ ᠦᠳ ᠪᠣᠯᠤᠭᠰᠠᠨ ᠳᠤ ᠪᠢᠳᠡ ᠰᠡᠳᠬᠢᠯ ᠬᠠᠩᠭ᠋ᠠᠯᠤᠭᠤᠨ ᠪᠠᠢᠢᠳᠠᠭ᠃

 

ᠲᠡᠭᠦᠨᠴᠢᠯᠡᠨ ᠤᠯᠠᠭᠠᠨᠪᠠᠭᠠᠲᠤᠷ ᠤᠨ ᠳᠡᠭᠡᠳᠦ ᠲᠦᠪᠰᠢᠨ ᠦ 11  ᠳᠦᠭᠡᠷ ᠠᠭᠤᠯᠵᠠᠯᠲᠠ ᠢᠢᠨ ᠳ᠋ᠦᠩ ᠳᠥ ᠪᠠᠢᠢᠭᠤᠯᠤᠭᠰᠠᠨ 《ᠤᠶᠠᠯᠳᠤᠭ᠎ᠠ ᠬᠣᠯᠪᠣᠭᠠᠨ ᠤ ᠠᠰᠠᠭᠤᠳᠠᠯ ᠢᠢᠠᠷ ᠬᠢ ᠠᠷᠭ᠎ᠠ ᠵᠠᠮ ᠢ ᠡᠷᠦᠯᠬᠢᠯᠡᠬᠦ ᠬᠡᠰᠡᠭ》 ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠵᠢᠷᠭᠤᠭᠠᠨ ᠤᠳᠠᠭ᠎ᠠ ᠠᠮᠵᠢᠯᠲᠠᠲᠠᠢ ᠬᠤᠷᠠᠯᠳᠤᠵᠤ᠂ ᠤᠶᠠᠯᠳᠤᠭ᠎ᠠ ᠬᠣᠯᠪᠣᠭᠠᠨ ᠤ ᠲᠣᠳᠣᠷᠬᠠᠢᠢᠯᠠᠯᠲᠠ ᠭᠠᠷᠭᠠᠬᠤ᠂ ᠠᠰᠧᠮ  ᠍ ᠤᠨ ᠲᠦᠩᠰᠢ ᠣᠷᠣᠨ ᠨᠤᠭᠤᠳ ᠤᠨ ᠬᠠᠮᠲᠤ ᠢᠢᠨ ᠠᠵᠢᠯᠯᠠᠭᠠᠨ ᠤ ᠭᠣᠣᠯ ᠴᠢᠭᠯᠡᠯ ᠦᠳ ᠢ ᠵᠥᠪᠰᠢᠯᠴᠡᠨ ᠲᠣᠭᠲᠠᠭᠠᠬᠤ ᠦᠢᠯᠡ ᠶᠠᠪᠤᠴᠠ ᠳᠤ ᠣᠨᠴᠠᠭᠠᠢ ᠴᠢᠬᠤᠯᠠ ᠡᠭᠦᠷᠭᠡ ᠭᠦᠢᠴᠡᠳᠬᠡᠯ᠎ᠡ᠃ ᠡᠨᠡ ᠬᠦᠷᠢᠶᠡᠨ ᠳᠥ ᠰᠢᠨ᠎ᠡ ᠪᠡᠷ ᠪᠠᠢᠢᠭᠤᠯᠤᠭᠳᠠᠵᠤ ᠪᠤᠢ ᠠᠬᠠᠯᠠᠬᠤ ᠠᠯᠪᠠᠨ ᠲᠤᠰᠢᠶᠠᠯᠲᠠᠨ ᠨᠤᠭᠤᠳ ᠤᠨ ᠤᠶᠠᠯᠳᠤᠭ᠎ᠠ ᠬᠣᠯᠪᠣᠭᠠᠨ ᠤ ᠬᠡᠰᠡᠭ ᠨᠢ ᠬᠠᠮᠲᠤ ᠢᠢᠨ ᠠᠵᠢᠯᠯᠠᠭᠠᠨ ᠤ ᠴᠢᠭᠯᠡᠯ ᠦᠳ ᠢ ᠤᠯᠠᠮ ᠪᠦᠷᠢ ᠬᠥᠭ᠍ᠵᠢᠭᠦᠯᠵᠦ᠂ ᠢᠳᠡᠪᠬᠢᠲᠡᠢ ᠦᠢᠯᠡ ᠠᠵᠢᠯᠯᠠᠭ᠎ᠠ ᠶᠠᠪᠤᠭᠤᠯᠤᠨ᠎ᠠ ᠭᠡᠳᠡᠭ ᠲᠥ ᠢᠲᠡᠭᠡᠵᠦ ᠪᠠᠢᠢᠨ᠎ᠠ᠃

 

ᠪᠷᠦ᠋ᠰᠰᠧᠯ ᠦᠨ ᠳᠡᠭᠡᠳᠦ ᠲᠦᠪᠰᠢᠨ ᠦ 12 ᠳ᠋ᠤᠭᠠᠷ ᠠᠭᠤᠯᠵᠠᠯᠲᠠ ᠨᠢ 《ᠧᠦ᠋ᠷᠣᠫᠠ ᠪᠠ ᠠᠽᠢᠶ᠎ᠠ᠄ ᠳᠡᠯᠡᠬᠡᠢ ᠨᠡᠢᠢᠲᠡ ᠪᠡᠷ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠢᠢᠨ ᠲᠥᠯᠦᠭᠡᠬᠢ ᠳᠡᠯᠡᠬᠡᠢ ᠨᠡᠢᠢᠲᠡ ᠢᠢᠨ ᠲᠦᠩᠰᠢᠯᠡᠯ》 ᠰᠡᠳᠦᠪ ᠦᠨ ᠳᠣᠣᠷ᠎ᠠ ᠪᠣᠯᠵᠤ ᠪᠠᠢᠢᠭ᠎ᠠ ᠨᠢ ᠠᠭᠤᠯᠭ᠎ᠠ ᠢᠢᠨ ᠬᠤᠪᠢ ᠳᠤ ᠤᠯᠠᠭᠠᠨᠪᠠᠭᠠᠲᠤᠷ ᠤᠨ ᠪᠠᠭ᠎ᠠ ᠬᠤᠷᠠᠯ ᠤᠨ ᠪᠤᠬᠢᠶ᠎ᠠ ᠢᠢ ᠠᠮᠵᠢᠯᠲᠠᠲᠠᠢ ᠦᠷᠭᠦᠯᠵᠢᠯᠡᠭᠦᠯᠵᠦ ᠪᠤᠢ ᠬᠡᠷᠡᠭ ᠶᠤᠮ᠃

 

ᠡᠳᠡᠭᠡᠷ ᠡᠳᠦᠷ ᠦᠳ ᠲᠥ ᠪᠢᠳᠡ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢ ᠨᠡᠮᠡᠭᠳᠡᠭᠦᠯᠬᠦ᠂ ᠤᠶᠠᠯᠳᠤᠭ᠎ᠠ ᠬᠣᠯᠪᠣᠭ᠎ᠠ ᠢᠢ ᠢᠳᠡᠪᠬᠢᠵᠢᠭᠦᠯᠬᠦ᠂ ᠲᠣᠭᠲᠠᠪᠤᠷᠢᠲᠠᠢ ᠬᠥᠭ᠍ᠵᠢᠯ ᠢ ᠬᠠᠩᠭ᠋ᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠣᠷᠢᠯᠲᠠ ᠪᠡᠷᠬᠡᠰᠢᠶᠡᠯ ᠢ ᠳᠠᠪᠠᠨ ᠲᠤᠭᠤᠯᠬᠤ᠂ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠵᠡᠷᠭᠡ ᠴᠠᠭ ᠦᠶ᠎ᠡ ᠢᠢᠨ ᠣᠯᠠᠨ ᠴᠢᠬᠤᠯᠠ ᠠᠰᠠᠭᠤᠳᠠᠯ ᠢ ᠬᠡᠯᠡᠯᠴᠡᠬᠦ ᠲᠤᠯᠠ ᠠᠰᠧᠮ  ᠍ ᠤᠨ ᠶᠠᠷᠢᠶ᠎ᠠ ᠬᠡᠯᠡᠯᠴᠡᠭᠡ᠂ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠢᠳᠡᠪᠬᠢᠵᠢᠭᠦᠯᠵᠦ ᠬᠥᠭ᠍ᠵᠢᠭᠦᠯᠬᠦ ᠲᠠᠯ᠎ᠠ ᠪᠠᠷ ᠪᠣᠳᠠᠲᠤ ᠦᠷ᠎ᠡ ᠥᠭ᠍ᠭᠦᠭᠡᠵᠢ ᠪᠦᠬᠦᠢ ᠰᠠᠨᠠᠯ᠂ ᠰᠢᠢᠳᠦᠯ ᠦᠳ ᠠᠭᠤᠯᠤᠭᠰᠠᠨ ᠲᠡᠭᠦᠰᠬᠡᠯ ᠦᠨ ᠪᠠᠷᠢᠮᠲᠠ ᠪᠢᠴᠢᠭ᠌ ᠦᠳ ᠢ ᠪᠠᠲᠤᠯᠠᠵᠤ ᠴᠢᠳᠠᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

 

ᠬᠦᠨᠳᠦᠳᠦ ᠲᠥᠯᠥᠭᠡᠯᠡᠭᠴᠢᠳ ᠡ᠂

 

ᠪᠥᠭᠥᠳᠡᠭᠡᠷ ᠢᠶᠡᠨ ᠬᠡᠯᠡᠯᠴᠡᠪᠡᠯ ᠪᠤᠷᠤᠭᠤ ᠦᠭᠡᠢ ᠭᠡᠵᠦ ᠮᠣᠩ᠋ᠭᠣᠯ ᠠᠷᠠᠳ ᠤᠨ ᠬᠡᠯᠡᠴᠡ ᠦᠭᠡ ᠪᠠᠢᠢᠳᠠᠭ᠃ ᠪᠢᠳᠡ ᠠᠰᠧᠮ  ᠍ ᠤᠨ ᠦᠢᠯᠡ ᠶᠠᠪᠤᠴᠠ ᠳᠤ ᠣᠷᠣᠯᠴᠠᠭᠴᠢ ᠲᠠᠯ᠎ᠠ ᠨᠤᠭᠤᠳ ᠤᠨ ᠭᠦᠢᠴᠡᠳᠭᠡᠳᠡᠭ ᠡᠭᠦᠷᠭᠡ ᠢᠢ ᠥᠨᠳᠥᠷ ᠢᠶᠡᠷ ᠦᠨᠡᠯᠡᠳᠡᠭ᠃ ᠲᠡᠭᠦᠨ ᠦ ᠳᠣᠲᠣᠷ᠎ᠠ ᠠᠽᠢᠶ᠎ᠠ᠂ ᠧᠦ᠋ᠷᠣᠫᠠ ᠢᠢᠨ ᠫᠠᠷᠯᠠᠮᠧᠨ᠋ᠲ᠋ᠴᠢᠳ᠂ ᠵᠠᠯᠠᠭᠤᠴᠤᠳ᠂ ᠪᠢᠽᠢᠨ᠋᠋ᠧᠰ᠂ ᠬᠥᠳᠡᠯᠮᠦᠷᠢ ᠢᠢᠨ ᠴᠢᠭᠤᠯᠭ᠎ᠠ ᠠᠭᠤᠯᠵᠠᠯᠲᠠ ᠨᠤᠭᠤᠳ᠂ ᠰᠤᠶᠤᠯ ᠤᠨ ᠹᠧᠰᠲ᠋ᠢᠸᠠᠯ ᠤᠨ ᠦᠷ᠎ᠡ ᠳ᠋ᠦᠩ ᠢ ᠥᠨᠳᠥᠷ ᠢᠶᠡᠷ ᠦᠨᠡᠯᠡᠵᠦ ᠪᠠᠢᠢᠨ᠎ᠠ᠃

 

21  ᠳᠦᠭᠡᠷ ᠵᠠᠭᠤᠨ ᠳᠤ ᠪᠦᠬᠦ ᠬᠥᠭ᠍ᠵᠢᠯ ᠬᠦᠮᠦᠨ ᠲᠥᠪ ᠲᠡᠢ ᠪᠠᠢᠢᠬᠤ ᠤᠴᠢᠷ ᠲᠠᠢ ᠢᠢ ᠳᠡᠯᠡᠬᠡᠢ ᠨᠡᠢᠢᠲᠡ ᠣᠢᠢᠯᠠᠭᠠᠵᠤ᠂ ᠬᠦᠯᠢᠶᠡᠨ ᠵᠥᠪᠰᠢᠶᠡᠷᠡᠭᠰᠡᠨ ᠪᠢᠯᠡ᠃ ᠲᠡᠢᠢᠮᠦ ᠡᠴᠡ ᠠᠽᠢᠶ᠎ᠠ᠂ ᠧᠦ᠋ᠷᠣᠫᠠ ᠢᠢᠨ ᠬᠣᠭᠣᠷᠣᠨᠳᠣ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠲᠦᠪᠰᠢᠨ ᠳᠥ ᠬᠥᠭ᠍ᠵᠢᠭᠦᠯᠬᠦ ᠨᠢ ᠴᠢᠬᠤᠯᠠ ᠠᠪᠴᠤ ᠢᠷᠭᠡᠳ ᠬᠣᠭᠣᠷᠣᠨᠳᠣ ᠢᠢᠨ ᠤᠶᠠᠯᠳᠤᠭ᠎ᠠ ᠬᠣᠯᠪᠣᠭ᠎ᠠ ᠢᠢ ᠬᠥᠬᠢᠬᠥᠯᠦᠨ ᠳᠡᠮᠵᠢᠬᠦ᠂ ᠠᠰᠧᠮ ᠤᠨ ᠬᠦᠷᠢᠶᠡᠨ ᠳᠥ ᠬᠣᠶᠠᠷ ᠲᠢᠪ ᠦᠨ ᠰᠤᠶᠤᠯ᠂ ᠤᠷᠠᠯᠢᠭ᠂ ᠪᠢᠽᠢᠨ᠋᠋ᠧᠰ ᠦᠨ ᠲᠥᠯᠥᠭᠡᠯᠡᠯ ᠦᠳ ᠠᠭᠤᠯᠵᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠬᠥᠭ᠍ᠵᠢᠭᠦᠯᠬᠦ ᠪᠣᠯᠤᠮᠵᠢ ᠣᠯᠭᠤᠳᠠᠭ ᠤᠯᠠᠮᠵᠢᠯᠠᠯ ᠢ ᠬᠠᠳᠠᠭᠠᠯᠠᠵᠤ᠂ ᠬᠥᠭ᠍ᠵᠢᠭᠦᠯᠬᠦ ᠨᠢ ᠪᠦᠷᠢ ᠴᠤ ᠴᠢᠬᠤᠯᠠ ᠭᠡᠳᠡᠭ ᠢ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃

 

ᠠᠰᠧᠮ ᠤᠨ ᠬᠦᠷᠢᠶᠡᠨ ᠳᠥ ᠴᠤᠬᠤᠮ ᠳᠠᠭᠠᠨ ᠰᠤᠶᠤᠯ᠂ ᠤᠷᠠᠯᠢᠭ ᠢᠶᠠᠷ ᠳᠠᠮᠵᠢᠭᠤᠯᠵᠤ ᠪᠡᠶ᠎ᠡ ᠪᠡᠶ᠎ᠡ ᠪᠡᠨ ᠬᠠᠷᠢᠯᠴᠠᠨ ᠲᠠᠨᠢᠬᠤ᠂ ᠱᠠᠰᠢᠨ᠂ ᠰᠤᠶᠤᠯ ᠢᠷᠭᠡᠨᠰᠢᠯ ᠬᠣᠭᠣᠷᠣᠨᠳᠣ ᠢᠢᠨ ᠡᠪ ᠨᠠᠢᠢᠷᠠᠮᠳᠠᠯ ᠢ ᠬᠥᠭ᠍ᠵᠢᠭᠦᠯᠵᠦ ᠴᠢᠳᠠᠪᠠᠯ ᠤᠯᠤᠰ ᠲᠥᠷᠥ᠂ ᠠᠶᠤᠯ ᠦᠭᠡᠢ ᠪᠠᠢᠢᠳᠠᠯ᠂ ᠡᠳ᠋ ᠍ ᠦᠨ ᠵᠠᠰᠠᠭ ᠤᠨ ᠲᠤᠯᠭᠠᠭᠤᠷᠢ ᠨᠤᠭᠤᠳ ᠤᠯᠠᠮ ᠪᠦᠷ ᠪᠡᠬᠢᠵᠢᠬᠦ ᠶᠤᠮ᠃

 

​ᠠᠰᠧᠮ ᠤᠨ ᠳᠡᠭᠡᠳᠦ ᠲᠦᠪᠰᠢᠨ ᠦ 12 ᠳ᠋ᠤᠭᠠᠷ ᠠᠭᠤᠯᠵᠠᠯᠲᠠ ᠢᠢᠨ ᠦᠢᠯᠡ ᠠᠵᠢᠯᠯᠠᠭᠠᠨ ᠳᠤ ᠠᠮᠵᠢᠯᠲᠠ ᠬᠦᠰᠡᠬᠦ ᠢᠢᠨ ᠢᠯᠳᠠᠮ ᠳᠤ ᠳᠠᠷᠠᠭᠠᠴᠢ ᠢᠢᠨ 13 ᠳ᠋ᠤᠭᠠᠷ ᠠᠭᠤᠯᠵᠠᠯᠲᠠ ᠢᠢ ᠡᠬᠡ ᠣᠷᠣᠨ ᠳᠤ ᠪᠠᠨ ᠬᠦᠯᠢᠶᠡᠨ ᠠᠪᠴᠤ᠂ ᠵᠣᠬᠢᠶᠠᠨ ᠪᠠᠢᠢᠭᠤᠯᠬᠤ ᠪᠣᠯᠤᠭᠰᠠᠨ ᠺᠠᠮᠫᠤᠢᠴᠢ ᠢᠢᠨ ᠬᠠᠭᠠᠨᠲᠤ ᠤᠯᠤᠰ ᠲᠤ ᠪᠠᠶᠠᠷ ᠬᠦᠷᠭᠡᠵᠦ᠂ ᠠᠮᠵᠢᠯᠲᠠ ᠬᠦᠰᠡᠵᠦ ᠪᠠᠢᠢᠨ᠎ᠠ᠃

​ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ》 ᠭᠡᠯ᠎ᠡ᠃