Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠣᠯᠪᠤᠭᠠᠨ᠍ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠺᠠᠨ᠋ᠼᠯᠧᠷ ᠠᠨ᠋ᠭᠧᠯᠠ ᠮᠧᠷᠺᠧᠯ ᠨᠠᠷ ᠠᠭᠤᠯᠵᠠᠪᠠ

ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠤᠷᠤᠯᠴᠠᠬᠤ ᠦᠶ᠎ᠡ ᠪᠡᠷ ᠢᠶᠡᠨ ᠤᠯᠤᠰ᠂ ᠣᠷᠣᠨ ᠨᠤᠭᠤᠳ ᠤᠨ ᠶᠡᠷᠦᠩᠬᠡᠢᠢᠯᠡᠭᠴᠢ᠂ ᠶᠡᠷᠦᠩᠬᠡᠢ ᠰᠠᠢᠢᠳ ᠨᠠᠷ ᠲᠠᠢ ᠬᠣᠶᠠᠷ ᠲᠠᠯᠠᠳᠤ ᠠᠭᠤᠯᠵᠠᠯᠲᠠ ᠬᠢᠬᠦ ᠪᠡᠷ ᠲᠥᠯᠥᠪᠯᠡᠭᠰᠡᠨ ᠦ ᠳᠠᠭᠠᠭᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠬᠢᠨ ᠦ ᠬᠣᠶᠠᠷ ᠲᠠᠯᠠᠳᠤ ᠠᠭᠤᠯᠵᠠᠯᠲᠠ ᠪᠠᠨ ᠭᠧᠷᠮᠠᠨ ᠤ ᠺᠠᠨ᠋ᠼᠯᠧᠷ ᠠᠨ᠋ᠭᠧᠯᠠ ᠮᠧᠷᠺᠧᠯ ᠲᠡᠢ ᠠᠭᠤᠯᠵᠠᠭᠰᠠᠨ ᠢᠶᠠᠷ ᠡᠬᠢᠯᠡᠭᠦᠯᠦᠯ᠎ᠡ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠣᠯᠤᠨ ᠭᠧᠷᠮᠠᠨ ᠤ ᠺᠠᠨ᠋ᠼᠯᠧᠷ ᠠᠨ᠋ᠭᠧᠯᠠ ᠮᠧᠷᠺᠧᠯ ᠨᠠᠷ ᠠᠰᠧᠮ ᠤᠨ ᠳᠡᠭᠡᠳᠦ ᠬᠡᠮᠵᠢᠶᠡᠨ ᠦ ᠠᠭᠤᠯᠵᠠᠯᠲᠠ ᠢᠢᠨ ᠦᠶ᠎ᠡ ᠪᠡᠷ ᠨᠢᠭᠤᠷ ᠲᠤᠯᠤᠨ ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ᠂ ᠠᠽᠢᠶ᠎ᠠ ᠪᠠ ᠧᠦ᠋ᠷᠣᠫᠠ ᠢᠢᠨ ᠠᠰᠠᠭᠤᠳᠠᠯ ᠢᠶᠠᠷ ᠶᠠᠷᠢᠯᠴᠠᠬᠤ ᠵᠠᠪᠰᠢᠶᠠᠨ ᠲᠣᠬᠢᠶᠠᠵᠤ ᠪᠤᠢᠢ ᠳᠤ ᠬᠠᠷᠢᠯᠴᠠᠨ ᠲᠠᠯᠠᠷᠬᠠᠯ ᠢᠯᠡᠷᠬᠡᠢᠢᠯᠡᠭᠰᠡᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠪᠣᠳᠠᠲᠤ ᠪᠠᠷ᠂ ᠬᠠᠷᠢᠯᠴᠠᠨ ᠠᠰᠢᠭᠲᠠᠢ ᠬᠥᠭ᠍ᠵᠢᠭᠦᠯᠬᠦ ᠢᠢᠨ ᠴᠢᠬᠤᠯᠠ ᠢᠢ ᠣᠨᠴᠠᠯᠠᠭᠠᠳ ᠲᠡᠭᠦᠨ ᠢ 2011 ᠣᠨ ᠳᠤ ᠮᠣᠩ᠋ᠭᠣᠯ ᠤᠯᠤᠰ ᠲᠤ ᠠᠢᠢᠯᠴᠢᠯᠠᠬᠤ ᠦᠶ᠎ᠡ ᠪᠡᠷ ᠢᠶᠡᠨ ᠶᠠᠷᠢᠯᠴᠠᠵᠤ᠂ ᠡᠬᠢᠯᠡᠭᠦᠯᠬᠦ ᠪᠡᠷ ᠲᠥᠯᠥᠪᠯᠡᠭᠰᠡᠨ ᠠᠵᠢᠯ ᠤᠳ ᠵᠣᠭᠰᠣᠩᠭᠢ ᠪᠠᠢᠢᠭ᠎ᠠ ᠢᠢ ᠳᠤᠷᠠᠳᠪᠠ᠃ ᠡᠨᠡ ᠠᠢᠢᠯᠴᠢᠯᠠᠯ ᠤᠨ ᠦᠶ᠎ᠡ ᠪᠡᠷ ᠮᠣᠩ᠋ᠭᠣᠯ-ᠭᠧᠷᠮᠠᠨ ᠤ ᠵᠠᠰᠠᠭ ᠤᠨ ᠭᠠᠵᠠᠷ ᠬᠣᠭᠣᠷᠣᠨᠳᠣ ᠢᠢᠨ ᠲᠦᠭᠦᠬᠡᠢ ᠡᠳ᠋ ᠲᠧᠭᠨᠣᠯᠣᠭᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠬᠡᠯᠡᠯᠴᠡᠭᠡᠷ ᠲᠥ ᠭᠠᠷ ᠤᠨ ᠦᠰᠦᠭ ᠵᠢᠷᠤᠵᠤ᠂ ᠬᠣᠶᠠᠷ ᠤᠯᠤᠰ ᠤᠨ ᠬᠠᠮᠲᠤᠷᠠᠭᠰᠠᠨ ᠡᠳ᠋ ᠍ ᠦᠨ ᠵᠠᠰᠠᠭ ᠤᠨ ᠬᠣᠷᠢᠶ᠎ᠠ ᠪᠠᠢᠢᠭᠤᠯᠵᠤ᠂ ᠲᠤᠬᠠᠢ ᠢᠢᠨ ᠦᠶ᠎ᠡ ᠳᠥ ᠭᠧᠷᠮᠠᠨ ᠤᠯᠤᠰ ᠤᠨ ᠲᠠᠯ᠎ᠠ ᠠᠴᠠ ᠬᠠᠷᠢᠭᠤᠴᠠᠬᠤ ᠬᠦᠮᠦᠰ ᠲᠣᠮᠢᠯᠠᠭᠳᠠᠭᠰᠠᠨ ᠴᠤ ᠣᠳᠣ ᠥᠭᠡᠷ᠎ᠡ ᠠᠵᠢᠯ ᠳᠤ ᠲᠣᠮᠢᠯᠠᠭᠳᠠᠭᠰᠠᠨ ᠭᠡᠬᠦ ᠮᠡᠲᠦ ᠰᠢᠯᠲᠠᠭᠠᠨ ᠢᠶᠠᠷ ᠡᠵᠡᠨ ᠦᠭᠡᠢ ᠪᠣᠯᠤᠭᠰᠠᠨ ᠢ ᠰᠠᠨᠠᠭᠤᠯᠤᠭᠰᠠᠨ ᠶᠤᠮ᠃

 

ᠮᠥᠨ ᠮᠠᠯ ᠤᠨ ᠭᠠᠷᠤᠯ ᠲᠠᠢ ᠪᠦᠲᠦᠭᠡᠭ᠍ᠳᠡᠬᠦᠨ ᠢ ᠲᠤᠰ ᠤᠯᠤᠰ ᠤᠨ ᠲᠧᠭᠨᠣᠯᠣᠭᠢ ᠪᠠᠷ ᠪᠣᠯᠪᠠᠰᠤᠷᠠᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠭᠡᠬᠦ ᠬᠥᠷᠰᠢ ᠲᠣᠮᠣ ᠵᠠᠬ᠎ᠠ ᠵᠡᠭᠡᠯᠢ ᠤᠷᠤᠭᠤ ᠪᠡᠨ ᠨᠡᠪᠲᠡᠷᠡᠬᠦ ᠪᠣᠯᠤᠮᠵᠢ ᠲᠠᠢ ᠢᠢ ᠳᠤᠷᠠᠳᠴᠤ᠂ ᠮᠣᠩ᠋ᠭᠣᠯ ᠤᠨ ᠵᠠᠯᠠᠭᠤ ᠪᠢᠽᠢᠨ᠋᠋ᠧᠰᠮᠸᠨ ᠨᠦᠭᠦᠳ ᠲᠡᠢ ᠡᠨᠡ ᠴᠢᠭᠯᠡᠯ ᠳᠥ ᠬᠠᠮᠲᠤᠷᠠᠨ ᠠᠵᠢᠯᠯᠠᠬᠤ ᠪᠣᠯᠤᠮᠵᠢ ᠲᠠᠢ ᠲᠠᠯ᠎ᠠ ᠪᠠᠷ ᠶᠠᠷᠢᠯ᠎ᠠ᠃ ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠭᠤᠯᠠ ᠠᠭᠤᠷᠬᠠᠢ᠂ ᠰᠢᠨ᠎ᠡ ᠬᠣᠲᠠ ᠪᠠᠢᠢᠭᠤᠯᠬᠤ᠂ ᠮᠠᠯ ᠤᠨ ᠭᠠᠷᠤᠯ ᠲᠠᠢ ᠲᠦᠭᠦᠬᠡᠢ ᠡᠳ᠋ ᠍ ᠢ ᠨᠠᠨᠣ‍ ᠪᠣᠯᠤᠨ ᠪᠢᠣᠲ᠋ᠧᠭᠨᠣᠯᠣᠭᠢ ᠪᠠᠷ ᠪᠣᠯᠪᠠᠰᠤᠷᠠᠭᠤᠯᠵᠤ ᠪᠦᠲᠦᠭᠡᠭ᠍ᠳᠡᠬᠦᠨ ᠦᠢᠯᠡᠳᠪᠦᠷᠢᠯᠡᠬᠦ ᠵᠡᠷᠭᠡ ᠪᠣᠳᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠣᠯᠤᠮᠵᠢ ᠲᠠᠢ ᠭᠡᠵᠦ ᠣᠨᠴᠠᠯᠠᠭᠠᠳ ᠤᠯᠠᠭᠠᠨᠪᠠᠭᠠᠲᠤᠷ ᠬᠣᠲᠠ ᠢᠢᠨ ᠲᠤᠯᠭᠠᠮᠳᠠᠭᠰᠠᠨ ᠠᠰᠠᠭᠤᠳᠠᠯ ᠢ ᠰᠢᠢᠳᠬᠦ ᠬᠠᠮᠤᠭ ᠤᠨ ᠴᠢᠬᠤᠯᠠ ᠠᠯᠬᠤᠮ ᠤᠳ ᠤᠨ ᠨᠢᠭᠡ ᠨᠢ ᠰᠢᠨ᠎ᠡ ᠡᠺᠣ ᠬᠣᠲᠠ ᠪᠠᠢᠢᠭᠤᠯᠬᠤ ᠭᠡᠳ ᠲᠥᠰᠥᠯ ᠦᠨ ᠲᠠᠯ᠎ᠠ ᠪᠠᠷ ᠲᠣᠳᠣᠷᠬᠠᠢ ᠲᠠᠨᠢᠯᠴᠠᠭᠤᠯᠤᠭᠰᠠᠨ ᠶᠤᠮ᠃

 

ᠬᠣᠯᠪᠤᠭᠠᠨ᠍ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠍ ᠤᠨ ᠺᠠᠨ᠋ᠼᠯᠧᠷ ᠠᠨ᠋ᠭᠧᠯᠠ ᠮᠧᠷᠺᠧᠯ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 11 ᠳᠦᠭᠡᠷ ᠠᠭᠤᠯᠵᠠᠯᠲᠠ ᠢᠢ ᠮᠣᠩ᠋ᠭᠣᠯ ᠤᠯᠤᠰ ᠠᠮᠵᠢᠯᠲᠠᠲᠠᠢ ᠵᠣᠬᠢᠶᠠᠨ ᠪᠠᠢᠢᠭᠤᠯᠵᠤ ᠪᠠᠢᠢᠭᠰᠠᠨ ᠲᠠᠯ᠎ᠠ ᠪᠠᠷ ᠳᠤᠷᠠᠳᠤᠭᠠᠳ ᠬᠠᠮᠲᠤᠷᠠᠨ ᠬᠡᠷᠡᠭᠵᠢᠭᠦᠯᠬᠦ ᠪᠡᠷ ᠲᠥᠯᠥᠪᠯᠡᠭᠰᠡᠨ ᠠᠵᠢᠯ ᠤᠳ ᠢ ᠡᠷᠴᠢᠮᠵᠢᠭᠦᠯᠬᠦ ᠢᠢᠨ ᠲᠤᠯᠠᠳᠠ ᠬᠠᠷᠢᠭᠤᠴᠠᠭᠰᠠᠨ ᠡᠵᠡᠨ ᠲᠡᠢ ᠪᠣᠯᠭᠠᠬᠤ ᠪᠠᠨ ᠮᠡᠳᠡᠭᠳᠡᠯ᠎ᠡ᠃ ᠭᠧᠷᠮᠠᠨ ᠤ ᠺᠠᠨ᠋ᠼᠯᠧᠷ ᠠᠨ᠋ᠭᠧᠯᠠ ᠮᠧᠷᠺᠧᠯ ᠡᠺᠣ ᠬᠣᠲᠠ ᠪᠠᠢᠢᠭᠤᠯᠬᠤ ᠰᠠᠨᠠᠯ ᠳᠤ ᠶᠡᠬᠡᠬᠡᠨ ᠠᠩᠬᠠᠷᠤᠯ ᠬᠠᠨᠳᠤᠭᠤᠯᠵᠤ᠂ ᠭᠧᠷᠮᠠᠨ ᠤ ᠪᠠᠷᠢᠯᠭ᠎ᠠ᠂ ᠳᠣᠲᠣᠭᠠᠳᠤ ᠬᠡᠷᠡᠭ ᠦᠨ ᠶᠠᠮᠤᠨ ᠤ ᠪᠠᠷᠢᠯᠭ᠎ᠠ ᠢᠢᠨ ᠠᠰᠠᠭᠤᠳᠠᠯ ᠬᠠᠷᠢᠭᠤᠴᠠᠭᠰᠠᠨ ᠲᠥᠷᠥ ᠢᠢᠨ ᠨᠠᠷᠢᠨ ᠪᠢᠴᠢᠭ᠌ ᠦᠨ ᠳᠠᠷᠤᠭ᠎ᠠ ᠠᠳ᠋ᠯᠧᠷ ᠢ ᠮᠣᠩ᠋ᠭᠣᠯ ᠤᠯᠤᠰ ᠲᠤ ᠠᠢᠢᠯᠴᠢᠯᠠᠭᠤᠯᠬᠤ ᠪᠠᠷ ᠪᠣᠯᠪᠠ᠃ ᠭᠧᠷᠮᠠᠨ ᠤᠯᠤᠰ ᠤᠨ ᠠᠷᠬᠢᠲ᠋ᠧᠺᠲ᠋ᠣᠷ᠂ ᠮᠡᠷᠭᠡᠵᠢᠯᠲᠡᠨ ᠨᠦᠭᠦᠳ ᠦᠨ ᠪᠣᠯᠪᠠᠰᠤᠷᠠᠭᠤᠯᠤᠭᠰᠠᠨ ᠵᠢᠷᠤᠭ ᠲᠥᠰᠥᠯ ᠢᠶᠡᠷ ᠤᠯᠠᠭᠠᠨᠪᠠᠭᠠᠲᠤᠷ ᠬᠣᠲᠠ ᠢᠢᠨ ᠣᠢᠢᠷᠠᠯᠴᠠᠭ᠎ᠠ ᠳᠠᠭᠠᠭᠤᠯᠢ᠂ ᠡᠺᠣ ᠬᠣᠲᠠ ᠪᠠᠢᠢᠭᠤᠯᠬᠤ ᠤᠭ ᠲᠥᠰᠥᠯ ᠢ ᠬᠣᠯᠪᠤᠭᠠᠨ᠍ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠍ ᠤᠨ ᠺᠠᠨ᠋ᠼᠯᠧᠷ ᠠᠩᠬᠠᠷᠴᠤ ᠠᠵᠢᠯᠯᠠᠬᠤ ᠪᠠᠨ ᠮᠥᠨ ᠮᠡᠳᠡᠭᠳᠡᠯ᠎ᠡ᠃

 

ᠲᠠᠯ᠎ᠠ ᠨᠤᠭᠤᠳ ᠴᠢᠨᠠᠭᠰᠢᠳᠠ ᠬᠣᠶᠠᠷ ᠣᠷᠣᠨ ᠤ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠪᠣᠳᠠᠲᠤ ᠪᠠᠷ ᠬᠥᠭ᠍ᠵᠢᠭᠦᠯᠬᠦ ᠪᠣᠯᠤᠨ ᠰᠢᠨᠵᠢᠯᠡᠬᠦ ᠤᠬᠠᠭᠠᠨ ᠰᠤᠳᠤᠯᠭ᠎ᠠ᠂ ᠲᠧᠭᠨᠣᠯᠣᠭᠢ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠠᠯ᠎ᠠ ᠪᠠᠷ ᠳᠡᠯᠭᠡᠷᠡᠩᠭᠦᠢ ᠰᠠᠨᠠᠯ ᠰᠣᠯᠢᠯᠴᠠᠵᠤ ᠶᠠᠷᠢᠯᠴᠠᠭᠰᠠᠨ ᠶᠤᠮ᠃