Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠡᠯᠡᠬᠡᠢ ᠶᠢᠨ ᠬᠥᠷᠥᠩᠭᠡ ᠣᠷᠣᠭᠤᠯᠤᠯᠲᠠ ᠶᠢᠨ ᠴᠢᠭᠤᠯᠭᠠᠨ ᠤ ᠨᠡᠭᠡᠭᠡᠯᠲᠡ ᠳᠦ ᠣᠷᠣᠯᠴᠠᠯ᠎ᠠ

ᠨᠢᠭᠡᠳᠦᠭᠰᠡᠨ ᠦᠨᠳᠦᠰᠦᠲᠠᠨ ᠦ ᠪᠠᠢᠢᠭᠤᠯᠤᠯᠭ᠎ᠠ ᠤᠨ ᠬᠤᠳᠠᠯᠳᠤᠭ᠎ᠠ᠂ ᠬᠥᠭ᠍ᠵᠢᠯ ᠦᠨ ᠪᠠᠭ᠎ᠠ ᠬᠤᠷᠠᠯ ᠠᠴᠠ ᠬᠣᠶᠠᠷ ᠵᠢᠯ ᠲᠤᠲᠤᠮ ᠳᠤ ᠵᠣᠬᠢᠶᠠᠨ ᠪᠠᠢᠢᠭᠤᠯᠳᠠᠭ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭᠠᠨ ᠡᠨᠡ ᠵᠢᠯ 10 ᠳᠠᠬᠢ ᠤᠳᠠᠭ᠎ᠠ ᠪᠠᠨ ᠱᠸᠧᠢᠼᠠᠷ ᠤᠨ ᠬᠣᠯᠪᠣᠭᠠᠨ ᠤ ᠤᠯᠤᠰ ᠤᠨ ᠵᠧᠨᠧᠸ ᠬᠣᠲᠠᠨ᠎ᠠ ᠥᠴᠥᠭᠡᠳᠦᠷ ᠠᠯᠪᠠᠨ ᠶᠣᠰᠣᠭᠠᠷ ᠡᠬᠢᠯᠡᠪᠡ᠃

 

ᠡᠨᠡ ᠤᠳᠠᠭ᠎ᠠ ᠢᠢᠨ ᠴᠢᠭᠤᠯᠭᠠᠨ ᠳᠤ ᠲᠥᠷᠥ᠂ ᠵᠠᠰᠠᠭ ᠤᠨ ᠲᠡᠷᠢᠭᠦᠨ ᠨᠦᠭᠦᠳ᠂ ᠰᠠᠢᠢᠳ ᠤᠳ᠂ ᠪᠣᠳᠣᠯᠭ᠎ᠠ ᠲᠣᠳᠣᠷᠬᠠᠢᠢᠯᠠᠭᠴᠢ ᠳᠤ᠂ ᠬᠥᠷᠥᠩᠭᠡ ᠣᠷᠣᠭᠤᠯᠤᠯᠲᠠ ᠬᠠᠷᠢᠭᠤᠴᠠᠭᠰᠠᠨ ᠮᠡᠷᠭᠡᠵᠢᠯᠲᠡᠨ ᠨᠦᠭᠦᠳ᠂ ᠬᠤᠪᠢ ᠢᠢᠨ ᠬᠡᠪᠰᠢᠯ ᠦᠨ ᠲᠥᠯᠥᠭᠡᠯᠡᠭᠴᠢᠳ᠂ ᠲᠡᠷᠡ ᠳᠤᠮᠳᠠ ᠪᠠᠨ ᠭᠦᠢᠴᠡᠳᠭᠡᠬᠦ ᠵᠠᠬᠢᠷᠤᠯ ᠤᠳ᠂ ᠲᠣᠭᠲᠠᠪᠤᠷᠢᠲᠠᠢ ᠬᠥᠭ᠍ᠵᠢᠯ᠂ ᠶᠠᠳᠠᠭᠤᠷᠠᠯ ᠢ ᠪᠠᠭᠤᠷᠠᠭᠤᠯᠬᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠯ ᠦᠳ ᠣᠷᠣᠯᠴᠠᠵᠤ ᠪᠠᠢᠢᠨ᠎ᠠ᠃

 

ᠡᠨᠡᠬᠦ ᠴᠢᠭᠤᠯᠭᠠᠨ ᠤ ᠨᠡᠭᠡᠭᠡᠯᠲᠡ ᠳᠦ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠵᠠᠷᠢᠮ ᠤᠯᠤᠰ ᠤᠨ ᠲᠥᠷᠥ ᠵᠠᠰᠠᠭ ᠤᠨ ᠲᠡᠷᠢᠭᠦᠨ ᠦ ᠢᠯᠡᠳᠬᠡᠯ ᠢ ᠰᠣᠨᠣᠰᠴᠤ᠂ ᠶᠠᠷᠢᠯᠴᠠᠪᠠ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠶᠠᠳᠠᠭᠤᠷᠠᠯ ᠢ ᠲᠣᠭᠲᠠᠪᠤᠷᠢᠲᠠᠢ ᠪᠠᠭᠤᠷᠠᠭᠤᠯᠬᠤ ᠬᠥᠷᠥᠩᠭᠡ ᠣᠷᠣᠭᠤᠯᠤᠯᠲᠠ ᠢᠢ ᠳᠡᠮᠵᠢᠬᠦ ᠱᠠᠩᠨᠠᠯ ᠢ 《ᠯᠧᠰᠣᠲ᠋ᠣ‍》 ᠦᠨᠳᠦᠰᠦᠨ ᠦ ᠬᠥᠷᠥᠩᠭᠡ ᠣᠷᠣᠭᠤᠯᠤᠯᠲᠠ ᠢᠢᠨ ᠠᠭᠧᠨ᠋ᠲ᠋ᠯᠢᠭ ᠲᠤ ᠭᠠᠷᠳᠠᠭᠤᠯᠵᠤ᠂ ᠴᠢᠭᠤᠯᠭᠠᠨ ᠤ ᠲᠥᠯᠥᠭᠡᠯᠡᠭᠴᠢᠳ ᠳᠤᠷᠠᠰᠬᠠᠯ ᠤᠨ ᠵᠢᠷᠤᠭ ᠲᠠᠲᠠᠭᠤᠯᠤᠭᠰᠠᠨ ᠢᠶᠠᠷ ᠨᠡᠭᠡᠭᠡᠯᠲᠡ ᠢᠢᠨ ᠶᠣᠰᠣᠯᠠᠯ ᠥᠨᠳᠥᠷᠯᠡᠯ᠎ᠡ᠃

 

ᠳᠠᠷᠠᠭ᠎ᠠ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭᠠᠨ ᠤ ᠤᠯᠤᠰ ᠣᠷᠣᠨ ᠨᠤᠭᠤᠳ ᠢ ᠰᠤᠷᠲᠠᠯᠴᠢᠯᠠᠬᠤ ᠫᠠᠸᠢᠯᠢᠶᠣᠨ ᠨᠤᠭᠤᠳ ᠢᠶᠠᠷ ᠶᠠᠪᠤᠵᠤ᠂ ᠮᠣᠩ᠋ᠭᠣᠯ ᠢ ᠰᠤᠷᠲᠠᠯᠴᠢᠯᠠᠵᠤ ᠪᠤᠢ ᠫᠠᠸᠢᠯᠢᠶᠣᠨ ᠤᠨ ᠤᠷᠳᠤ ᠰᠠᠲᠤᠨ ᠠᠯᠪᠠᠨ ᠤ ᠬᠦᠮᠦᠰ ᠲᠡᠢ ᠠᠭᠤᠯᠵᠠᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭᠠᠨ ᠤ ᠬᠤᠷᠠᠯᠳᠤᠭᠠᠨ ᠳᠤ ᠣᠷᠣᠯᠴᠠᠵᠤ᠂ ᠦᠭᠡ ᠬᠡᠯᠡᠨ᠎ᠡ᠃