Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠯᠡᠬᠡᠢ ᠢᠢᠨ ᠤᠳᠤᠷᠢᠳᠤᠭᠴᠢᠳ ᠤᠨ ᠬᠥᠷᠥᠩᠭᠡ ᠣᠷᠣᠭᠤᠯᠤᠯᠲᠠ ᠢᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠣᠯᠴᠠᠵᠤ᠂ ᠦᠭᠡ ᠬᠡᠯᠡᠯ᠎ᠡ

ᠱᠸᠧᠢᠼᠠᠷ ᠤᠨ ᠬᠣᠯᠪᠣᠭᠠᠨ ᠤ ᠤᠯᠤᠰ ᠤᠨ ᠵᠧᠨᠧᠸ ᠬᠣᠲᠠᠨ᠎ᠠ ᠪᠣᠯᠵᠤ ᠪᠤᠢ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭ᠎ᠠ ᠠᠭᠤᠯᠵᠠᠯᠲᠠ ᠬᠣᠶᠠᠷ ᠳᠠᠬᠢ ᠡᠳᠦᠷ ᠢᠶᠡᠨ ᠦᠷᠭᠦᠯᠵᠢᠯᠡᠵᠦ ᠪᠠᠢᠢᠨ᠎ᠠ᠃ ᠡᠨᠡ ᠡᠳᠦᠷ ᠦᠨ ᠴᠢᠭᠤᠯᠭᠠᠨ ᠳᠡᠯᠡᠬᠡᠢ ᠢᠢᠨ ᠤᠳᠤᠷᠢᠳᠤᠭᠴᠢᠳ ᠤᠨ ᠬᠥᠷᠥᠩᠭᠡ ᠣᠷᠣᠭᠤᠯᠤᠯᠲᠠ ᠢᠢᠨ ᠳᠡᠭᠡᠳᠦ ᠬᠡᠮᠵᠢᠶᠡᠨ ᠦ ᠠᠭᠤᠯᠵᠠᠯᠲᠠ ᠪᠠᠷ ᠡᠬᠢᠯᠡᠪᠡ᠃ ᠳᠡᠭᠡᠳᠦ ᠬᠡᠮᠵᠢᠶᠡᠨ ᠦ ᠠᠭᠤᠯᠵᠠᠯᠲᠠ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠦᠭᠡ ᠬᠡᠯᠡᠯ᠎ᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄

《 ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠨᠣᠶᠠᠨ ᠺᠢᠲ᠋ᠦᠢᠢ᠂

ᠡᠷᠬᠢᠮᠰᠦᠭ ᠬᠦᠨᠳᠦᠲᠦ ᠶᠡᠷᠦᠩᠬᠡᠢᠢᠯᠡᠭᠴᠢᠳ ᠡ᠂

ᠬᠦᠨᠳᠦᠳ ᠵᠣᠴᠢᠳ᠂ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

ᠨᠠᠢᠢᠵᠠ ᠨᠥᠬᠥᠳ ᠡ᠂

 

ᠳᠡᠯᠡᠬᠡᠢ ᠢᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠣᠷᠴᠢᠨ ᠢ ᠰᠠᠢᠢᠵᠢᠷᠠᠭᠤᠯᠬᠤ᠂ ᠬᠥᠷᠥᠩᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠴᠢᠭᠯᠡᠯ ᠢᠶᠡᠷ ᠰᠠᠨᠠᠯ ᠰᠣᠯᠢᠯᠴᠠᠳᠠᠭ ᠲᠤᠰ ᠴᠢᠭᠤᠯᠭ᠎ᠠ ᠠᠭᠤᠯᠵᠠᠯᠲᠠ ᠢᠢᠨ 10 ᠵᠢᠯ ᠦᠨ ᠣᠢ ᠲᠣᠬᠢᠶᠠᠵᠤ ᠪᠤᠢ ᠦᠶ᠎ᠡ ᠳᠥ ᠡᠨᠡᠬᠦ ᠨᠡᠷ᠎ᠡ ᠬᠦᠨᠳᠦᠲᠡᠢ ᠠᠷᠭ᠎ᠠ ᠬᠡᠮᠵᠢᠶᠡᠨ ᠳᠥ ᠤᠷᠢᠭᠳᠠᠨ ᠣᠷᠣᠯᠴᠠᠵᠤ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ᠃

 

ᠴᠢᠭᠤᠯᠭ᠎ᠠ ᠠᠭᠤᠯᠵᠠᠯᠲᠠ ᠢᠢ ᠠᠮᠵᠢᠯᠲᠠᠲᠠᠢ ᠵᠣᠬᠢᠶᠠᠨ ᠪᠠᠢᠢᠭᠤᠯᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠤᠳᠠᠯᠳᠤᠭ᠎ᠠ᠂ ᠬᠥᠭ᠍ᠵᠢᠯ ᠦᠨ ᠪᠠᠭ᠎ᠠ ᠬᠤᠷᠠᠯ᠂ ᠱᠸᠧᠢᠴᠠᠷ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠲᠤ ᠪᠠᠶᠠᠷ ᠬᠦᠷᠭᠡᠶ᠎ᠡ᠃

 

ᠬᠠᠲᠤᠭᠲᠠᠢ᠂ ᠨᠣᠶᠠᠳ ᠠ᠋᠂

 

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠤᠳᠠᠯᠳᠤᠭ᠎ᠠ᠂ ᠬᠥᠭ᠍ᠵᠢᠯ ᠦᠨ ᠪᠠᠭ᠎ᠠ ᠬᠤᠷᠠᠯ ᠤᠨ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠲᠠᠢᠢᠯᠤᠨ ᠳᠤ ᠳᠤᠷᠠᠳᠤᠭᠰᠠᠨ ᠢᠶᠠᠷ ᠬᠥᠷᠥᠩᠭᠡ ᠣᠷᠣᠭᠤᠯᠤᠯᠲᠠ ᠢᠢᠨ ᠤᠷᠤᠰᠬᠠᠯ ᠥᠩᠭᠡᠷᠡᠭᠰᠡᠨ ᠣᠨ ᠳᠤ ᠳᠡᠯᠡᠬᠡᠢ ᠢᠢᠨ ᠬᠡᠮᠵᠢᠶᠡᠨ ᠳᠥ 23 ᠬᠤᠪᠢ᠂ ᠡᠨᠡ ᠣᠨ ᠤ ᠡᠬᠢᠨ ᠦ ᠬᠠᠭᠠᠰ ᠵᠢᠯ ᠦᠨ ᠪᠠᠢᠢᠳᠠᠯ ᠢᠶᠠᠷ ᠥᠩᠭᠡᠷᠡᠭᠰᠡᠨ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 41 ᠬᠤᠪᠢ ᠪᠠᠷ ᠪᠠᠭᠤᠷᠠᠭᠰᠠᠨ᠂ ᠮᠥᠨ ᠬᠥᠭ᠍ᠵᠢᠵᠦ ᠪᠤᠢ ᠣᠷᠣᠨ ᠨᠤᠭᠤᠳ ᠤᠷᠤᠭᠤ ᠴᠢᠭᠯᠡᠭᠰᠡᠨ ᠬᠥᠷᠥᠩᠭᠡ ᠣᠷᠣᠭᠤᠯᠤᠯᠲᠠ ᠨᠡᠮᠡᠭᠳᠡᠬᠦ ᠦᠭᠡᠢ ᠪᠠᠢᠢᠭ᠎ᠠ ᠴᠠᠭ ᠦᠶ᠎ᠡ ᠳᠥ ᠪᠣᠯᠵᠤ ᠪᠤᠢ ᠨᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠢᠢᠨ ᠠᠴᠢ ᠬᠣᠯᠪᠣᠭᠳᠠᠯ ᠢ ᠳᠡᠭᠡᠭ᠍ᠰᠢᠯᠡᠭᠦᠯᠵᠦ ᠪᠠᠢᠢᠨ᠎ᠠ᠃

 

2030 ᠣᠨ ᠳᠤ ᠶᠠᠳᠠᠭᠤᠷᠠᠯ᠂ ᠪᠣᠯᠪᠠᠰᠤᠷᠠᠯ᠂ ᠡᠷᠡᠭᠦᠯ ᠮᠡᠨᠳᠦ᠂ ᠪᠠᠢᠢᠭᠠᠯᠢ ᠣᠷᠴᠢᠨ᠂ ᠡᠷᠴᠢᠮ ᠬᠦᠴᠦ ᠵᠡᠷᠭᠡ ᠪᠦᠬᠦ ᠰᠠᠯᠪᠤᠷᠢ᠂ ᠴᠢᠭᠯᠡᠯ ᠳᠥ ᠬᠦᠷᠬᠦ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠲᠠ ᠪᠢᠳᠡ ᠥᠪᠡᠷᠰᠡᠳ ᠢᠶᠡᠨ ᠲᠣᠳᠣᠷᠬᠠᠢᠢᠯᠠᠭᠰᠠᠨ᠃ ᠬᠥᠭ᠍ᠵᠢᠯ ᠦᠨ ᠵᠣᠷᠢᠯᠲᠠ ᠨᠤᠭᠤᠳ ᠢ ᠪᠡᠶᠡᠯᠡᠭᠦᠯᠬᠦ ᠡᠬᠢᠨ ᠦ 2-3 ᠵᠢᠯ ᠦᠨ ᠬᠤᠭᠤᠴᠠᠭᠠᠨ ᠳᠤ ᠬᠥᠷᠥᠩᠭᠡ ᠣᠷᠣᠭᠤᠯᠤᠯᠲᠠ ᠦᠯᠡᠮᠵᠢ ᠬᠡᠮᠵᠢᠶ᠎ᠡ ᠪᠡᠷ ᠪᠠᠭᠠᠰᠴᠤ᠂ ᠳᠡᠯᠡᠬᠡᠢ ᠢᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢ ᠯᠢᠪᠧᠷᠠᠯᠴᠢᠯᠠᠬᠤ ᠦᠢᠯᠡ ᠶᠠᠪᠤᠴᠠ ᠢᠢ ᠰᠥᠷᠬᠦ ᠬᠠᠨᠳᠤᠯᠭ᠎ᠠ ᠵᠠᠷᠢᠮ ᠣᠷᠣᠨ ᠨᠤᠭᠤᠳ ᠲᠤ ᠨᠡᠮᠡᠭᠳᠡᠵᠦ ᠪᠤᠢ ᠨᠢ ᠡᠳᠡᠭᠡᠷ ᠵᠣᠷᠢᠯᠲᠠ ᠨᠤᠭᠤᠳ ᠤᠨ ᠬᠤᠪᠢ ᠵᠠᠶᠠᠭ᠎ᠠ ᠢᠢ ᠪᠢᠳᠡ ᠥᠪᠡᠷᠰᠡᠳ ᠦᠨ ᠭᠠᠷ ᠢᠶᠠᠷ ᠠᠩ᠋ᠭᠠᠯ ᠤᠨ ᠢᠷᠮᠡᠭ ᠲᠥ ᠲᠦᠯᠬᠢᠵᠦ ᠪᠠᠢᠢᠭ᠎ᠠ ᠠᠴᠠ ᠥᠭᠡᠷᠡᠴᠡᠭᠦᠢ ᠪᠠᠢᠢᠨ᠎ᠠ᠃

 

ᠠᠵᠤ ᠦᠢᠯᠡᠳᠪᠦᠷᠢ ᠢᠢᠨ ᠰᠢᠨ᠎ᠡ ᠬᠤᠪᠢᠰᠬᠠᠯ ᠲᠠᠢ ᠬᠣᠯᠪᠣᠭᠠᠲᠠᠢ ᠪᠠᠷ ᠬᠥᠭ᠍ᠵᠢᠩᠭᠦᠢ ᠪᠣᠯᠤᠨ ᠬᠥᠭ᠍ᠵᠢᠵᠦ ᠪᠤᠢ ᠣᠷᠣᠨ ᠨᠤᠭᠤᠳ ᠤᠨ ᠳᠤᠮᠳᠠ ᠪᠤᠢ ᠪᠣᠯᠵᠤ ᠪᠤᠢ ᠲᠧᠭᠨᠣᠯᠣᠭᠢ ᠢᠢᠨ ᠳᠡᠪᠰᠢᠯ ᠦᠨ ᠢᠯᠭᠠᠭ᠎ᠠ ᠨᠢ ᠮᠣᠩ᠋ᠭᠣᠯ ᠵᠡᠷᠭᠡ ᠬᠥᠭ᠍ᠵᠢᠵᠦ ᠪᠤᠢ᠂ ᠳᠠᠯᠠᠢ ᠳᠤ ᠭᠠᠷᠤᠴᠠ ᠦᠭᠡᠢ ᠣᠷᠣᠨ ᠨᠤᠭᠤᠳ ᠤᠨ ᠬᠤᠪᠢ ᠳᠤ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ᠂ 《ᠳᠠᠶᠠᠩ ᠳᠡᠯᠡᠬᠡᠢ ᠢᠢᠨ ᠲᠣᠭᠲᠠᠪᠤᠷᠢᠲᠠᠢ ᠬᠥᠭ᠍ᠵᠢᠯ ᠦᠨ ᠬᠥᠲᠥᠯᠪᠦᠷᠢ-2030》 ᠍ ᠳᠥ ᠲᠤᠰᠬᠠᠭᠳᠠᠭᠰᠠᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠲᠣᠮᠣᠬᠠᠨ ᠰᠣᠷᠢᠯᠲᠠ ᠪᠣᠯᠵᠤ ᠪᠠᠢᠢᠭ᠎ᠠ ᠢᠢ ᠣᠨᠴᠠᠭᠠᠢᠢᠯᠠᠨ ᠳᠤᠷᠠᠳᠬᠤ ᠢᠢ ᠬᠦᠰᠡᠵᠦ ᠪᠠᠢᠢᠨ᠎ᠠ᠃ ᠲᠡᠢᠢᠮᠦ ᠡᠴᠡ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ᠂ ᠰᠠᠯᠪᠤᠷᠢ ᠬᠤᠷᠠᠯᠳᠤᠭᠠᠨ ᠨᠤᠭᠤᠳ ᠤᠨ ᠬᠦᠷᠢᠶᠡᠨ ᠳᠥ ᠮᠠᠨ ᠤ ᠲᠥᠯᠥᠭᠡᠯᠡᠭᠴᠢᠳ ᠳᠡᠯᠡᠬᠡᠢ ᠳᠠᠬᠢᠨ᠂ ᠪᠥᠰᠡ ᠨᠤᠲᠤᠭ ᠲᠤ ᠲᠤᠯᠭᠠᠷᠠᠵᠤ ᠪᠤᠢ ᠲᠣᠮᠣᠬᠠᠨ ᠰᠣᠷᠢᠯᠲᠠ᠂ ᠪᠡᠷᠬᠡᠰᠢᠶᠡᠯ ᠦᠳ ᠢ ᠳᠠᠪᠠᠨ ᠲᠤᠭᠤᠯᠬᠤ ᠰᠢᠢᠳᠦᠯ ᠢ ᠬᠠᠮᠲᠤᠷᠠᠨ ᠡᠷᠦᠯᠬᠢᠯᠡᠬᠦ ᠪᠣᠯᠤᠮᠵᠢ ᠲᠣᠬᠢᠶᠠᠭᠰᠠᠨ ᠳᠤ ᠣᠯᠵᠠᠭᠤᠷᠬᠠᠵᠤ ᠪᠠᠢᠢᠨ᠎ᠠ᠃

 

ᠬᠦᠨᠳᠦᠳ ᠲᠥᠯᠥᠭᠡᠯᠡᠭᠴᠢᠳ ᠡ᠂

ᠬᠠᠲᠤᠭᠲᠠᠢ ᠨᠣᠶᠠᠳ ᠠ᠋᠂

 

ᠮᠣᠩ᠋ᠭᠣᠯ ᠤᠯᠤᠰ 《ᠳᠠᠶᠠᠩ ᠳᠡᠯᠡᠬᠡᠢ ᠢᠢᠨ ᠲᠣᠭᠲᠠᠪᠤᠷᠢᠲᠠᠢ ᠬᠥᠭ᠍ᠵᠢᠯ ᠦᠨ ᠬᠥᠲᠥᠯᠪᠦᠷᠢ-2030》 ᠍ ᠳᠥ ᠲᠤᠯᠭᠠᠭᠤᠷᠢᠯᠠᠨ 《ᠲᠣᠭᠲᠠᠪᠤᠷᠢᠲᠠᠢ ᠬᠥᠭ᠍ᠵᠢᠯ ᠦᠨ ᠦᠵᠡᠯ ᠪᠠᠷᠢᠮᠲᠠᠯᠠᠯ-2030》 ᠪᠣᠳᠣᠯᠭ᠎ᠠ ᠢᠢᠨ ᠪᠠᠷᠢᠮᠲᠠ ᠪᠢᠴᠢᠭ᠌ ᠢ 2016 ᠣᠨ ᠳᠤ ᠪᠠᠲᠤᠯᠠᠭᠰᠠᠨ᠃ ᠡᠭᠦᠨ ᠡᠴᠡ ᠬᠣᠢᠢᠰᠢ ᠪᠠᠲᠤᠯᠠᠭᠰᠠᠨ ᠦᠨᠳᠦᠰᠦᠨ ᠦ ᠬᠡᠮᠵᠢᠶᠡᠨ ᠦ ᠪᠣᠯᠤᠨ ᠰᠠᠯᠪᠤᠷᠢ ᠳᠤᠮᠳᠠ ᠢᠢᠨ ᠬᠥᠭ᠍ᠵᠢᠯ ᠦᠨ ᠪᠣᠳᠣᠯᠭ᠎ᠠ ᠢᠢᠨ ᠪᠠᠷᠢᠮᠲᠠ ᠪᠢᠴᠢᠭ᠌ ᠦᠳ ᠢ ᠦᠵᠡᠯ ᠪᠠᠷᠢᠮᠲᠠᠯᠠᠯ ᠲᠠᠢ ᠤᠶᠠᠯᠳᠤᠭᠤᠯᠤᠨ ᠪᠣᠯᠪᠠᠰᠤᠷᠠᠭᠤᠯᠵᠤ ᠬᠡᠷᠡᠭᠵᠢᠭᠦᠯᠵᠦ ᠪᠤᠢ ᠪᠥᠭᠡᠳ ᠲᠣᠭᠲᠠᠪᠤᠷᠢᠲᠠᠢ ᠬᠥᠭ᠍ᠵᠢᠯ ᠦᠨ ᠬᠥᠲᠥᠯᠪᠦᠷᠢ ᠢᠢᠨ ᠬᠡᠷᠡᠭᠵᠢᠯᠲᠡ ᠢᠢᠨ ᠦᠨᠳᠦᠰᠦᠨ ᠦ ᠰᠠᠢᠢᠨ ᠳᠤᠷ᠎ᠠ ᠢᠢᠨ ᠲᠠᠢᠢᠯᠤᠨ ᠢ 2019 ᠣᠨ ᠳᠤ ᠲᠠᠨᠢᠯᠴᠠᠭᠤᠯᠬᠤ ᠪᠠᠷ ᠲᠥᠯᠥᠪᠯᠡᠵᠦ ᠪᠠᠢᠢᠨ᠎ᠠ᠃

 

ᠲᠡᠭᠦᠨᠴᠢᠯᠡᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠲᠠᠢ ᠨᠢᠭ᠌ᠲᠠ ᠤᠶᠠᠯᠳᠤᠭᠰᠠᠨ ᠨᠢᠭᠡᠳᠦᠭᠰᠡᠨ ᠬᠥᠷᠥᠩᠭᠡ ᠣᠷᠣᠭᠤᠯᠤᠯᠲᠠ ᠢᠢᠨ ᠪᠣᠳᠣᠯᠭ᠎ᠠ ᠪᠣᠯᠪᠠᠰᠤᠷᠠᠭᠤᠯᠵᠤ᠂ ᠬᠣᠯᠪᠣᠭᠳᠠᠬᠤ ᠪᠠᠢᠢᠭᠤᠯᠤᠯᠭ᠎ᠠ ᠨᠤᠭᠤᠳ ᠤᠨ ᠤᠶᠠᠯᠳᠤᠭ᠎ᠠ ᠬᠣᠯᠪᠣᠭ᠎ᠠ᠂ ᠲᠡᠳᠡᠭᠡᠷ ᠦᠨ ᠵᠣᠬᠢᠶᠠᠨ ᠪᠠᠢᠢᠭᠤᠯᠤᠯᠲᠠ᠂ ᠬᠥᠷᠥᠩᠭᠡ ᠤᠷᠤᠭᠤᠯᠬᠤ᠂ ᠵᠠᠷᠤᠴᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ ᠪᠡᠷ ᠠᠵᠢᠯᠯᠠᠵᠤ ᠪᠠᠢᠢᠨ᠎ᠠ᠃

 

ᠬᠥᠷᠥᠩᠭᠡ ᠣᠷᠣᠭᠤᠯᠤᠯᠲᠠ ᠢᠢᠨ ᠬᠥᠭ᠍ᠵᠢᠯ ᠳᠥ ᠦᠵᠡᠭᠦᠯᠬᠦ ᠨᠥᠯᠥᠭᠡ ᠬᠡᠮᠵᠢᠶᠡᠯᠡᠰᠢ ᠦᠭᠡᠢ ᠭᠡᠳᠡᠭ ᠢ ᠥᠪᠡᠷ ᠦᠨ ᠣᠷᠣᠨ ᠤ ᠲᠤᠷᠰᠢᠯᠭ᠎ᠠ ᠠᠴᠠ ᠳ᠋ᠦᠩᠨᠡᠯᠲᠡ ᠬᠢᠵᠦ ᠪᠠᠢᠢᠨ᠎ᠠ᠃ ᠬᠥᠷᠥᠩᠭᠡ ᠣᠷᠣᠭᠤᠯᠤᠯᠲᠠ ᠢᠢᠨ ᠪᠣᠳᠣᠯᠭ᠎ᠠ ᠲᠣᠭᠲᠠᠪᠤᠷᠢ ᠦᠭᠡᠢ ᠪᠠᠢᠢᠭᠰᠠᠨ ᠤ ᠤᠯᠠᠮ ᠠᠴᠠ 2011᠂ 2012 ᠣᠨ ᠳᠤ ᠣᠷᠭᠢᠯ ᠦᠶ᠎ᠡ ᠳᠡᠭᠡᠨ ᠬᠦᠷᠴᠦ ᠪᠠᠢᠢᠭᠰᠠᠨ ᠭᠠᠳᠠᠭᠠᠳᠤ ᠢᠢᠨ ᠬᠥᠷᠥᠩᠭᠡ ᠣᠷᠣᠭᠤᠯᠤᠯᠲᠠ ᠣᠭᠴᠣᠮ ᠪᠠᠭᠤᠷᠠᠵᠤ᠂ ᠡᠳ᠋ ᠍ ᠦᠨ ᠵᠠᠰᠠᠭ ᠤᠨ ᠥᠰᠦᠯᠲᠡ ᠳᠥ ᠰᠥᠷᠭᠦ ᠪᠡᠷ ᠨᠥᠯᠦᠭᠡᠯᠡᠭᠰᠡᠨ ᠭᠠᠰᠢᠭᠤᠨ ᠲᠤᠷᠰᠢᠯᠭ᠎ᠠ ᠠᠴᠠ ᠪᠠᠨ ᠪᠢᠳᠡ ᠰᠤᠷᠭᠠᠮᠵᠢ ᠠᠪᠴᠤ᠂ ᠲᠥᠷᠥ᠂ ᠵᠠᠰᠠᠭ ᠤᠨ ᠪᠦᠬᠦᠢ ᠯᠠ ᠲᠦᠪᠰᠢᠨ ᠳᠥ ᠣᠨᠴᠠᠭᠠᠢ ᠠᠩ᠋ᠬᠠᠷᠤᠯ ᠬᠠᠨᠳᠤᠭᠤᠯᠵᠤ᠂ ᠱᠠᠲᠤ ᠳᠠᠷᠠᠭ᠎ᠠ ᠲᠠᠢ᠂ ᠵᠣᠷᠢᠯᠲᠠᠲᠤ ᠠᠷᠭ᠎ᠠ ᠬᠡᠮᠵᠢᠶ᠎ᠡ ᠨᠦᠭᠦᠳ ᠢ ᠭᠠᠳᠠᠭᠠᠳᠤ ᠪᠣᠯᠤᠨ ᠳᠣᠲᠣᠭᠠᠳᠤ ᠳᠤ ᠪᠠᠨ ᠠᠪᠴᠤ ᠬᠡᠷᠡᠭᠵᠢᠭᠦᠯᠵᠦ ᠪᠠᠢᠢᠨ᠎ᠠ᠃

 

ᠲᠤᠬᠠᠢᠢᠯᠠᠪᠠᠯ᠂ ᠬᠥᠷᠥᠩᠭᠡ ᠣᠷᠣᠭᠤᠯᠤᠯᠲᠠ ᠢᠢᠨ ᠡᠷᠬᠡ ᠵᠦᠢ ᠢᠢᠨ ᠣᠷᠴᠢᠨ ᠢ ᠪᠣᠯᠪᠠᠰᠤᠷᠠᠩ᠋ᠭᠤᠢ ᠪᠣᠯᠭᠠᠬᠤ᠂ ᠬᠦᠨᠳᠦ ᠰᠤᠷᠲᠠᠯ᠂ ᠬᠠᠤᠯᠢ ᠪᠤᠰᠤ ᠦᠢᠯᠡ ᠠᠵᠢᠯᠯᠠᠭ᠎ᠠ ᠲᠠᠢ ᠬᠣᠯᠪᠣᠭ᠎ᠠ ᠲᠠᠢ ᠡᠷᠭᠦᠳᠡᠯ᠂ ᠭᠣᠮᠣᠳᠠᠯ ᠢ ᠰᠢᠭᠤᠷᠬᠠᠢ ᠰᠢᠢᠳᠪᠦᠷᠢᠯᠡᠬᠦ᠂ ᠡᠷᠦᠰᠳᠡᠯ ᠡᠴᠡ ᠰᠡᠷᠭᠡᠢᠢᠯᠡᠬᠦ ᠡᠭᠦᠷᠭᠡ ᠪᠦᠬᠦᠢ 《ᠬᠥᠷᠥᠩᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠵᠥᠪᠯᠡᠯ》 ᠪᠣᠯᠤᠨ 《ᠲᠥᠷᠥ᠂ ᠬᠤᠪᠢ ᠢᠢᠨ ᠬᠡᠪᠰᠢᠯ ᠦᠨ ᠵᠥᠪᠯᠡᠯᠳᠦᠬᠦ ᠬᠣᠷᠢᠶ᠎ᠠ》 ᠍ ᠢᠢ ᠪᠠᠢᠢᠭᠤᠯᠤᠨ ᠠᠵᠢᠯᠯᠠᠵᠤ ᠪᠠᠢᠢᠨ᠎ᠠ᠃

 

ᠮᠥᠨ ᠥᠪᠡᠷ ᠦᠨ ᠤᠯᠤᠰ ᠤᠨ ᠠᠰᠢᠭ ᠰᠣᠨᠢᠷᠬᠠᠯ ᠢ ᠲᠡᠭᠰᠢ ᠬᠠᠩ᠋ᠭᠠᠭᠰᠠᠨ ᠬᠥᠷᠥᠩᠭᠡ ᠣᠷᠣᠭᠤᠯᠤᠯᠲᠠ ᠢᠢᠨ ᠬᠡᠯᠡᠯᠴᠡᠭᠡᠷ ᠢ ᠪᠠᠢᠢᠭᠤᠯᠬᠤ ᠳᠤ ᠠᠩ᠋ᠬᠠᠷᠴᠤ᠂ ᠬᠥᠷᠥᠩᠭᠡ ᠣᠷᠣᠭᠤᠯᠤᠯᠲᠠ ᠢᠢᠨ ᠵᠠᠭᠪᠤᠷ ᠬᠡᠯᠡᠯᠴᠡᠭᠡᠷ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠤᠳᠠᠯᠳᠤᠭ᠎ᠠ ᠬᠥᠭ᠍ᠵᠢᠯ ᠦᠨ ᠪᠠᠭ᠎ᠠ ᠬᠤᠷᠠᠯ ᠠᠴᠠ ᠭᠠᠷᠭᠠᠭᠰᠠᠨ ᠵᠥᠪᠯᠡᠮᠵᠢ ᠢᠢᠨ ᠳᠠᠭᠠᠭᠤ ᠪᠣᠯᠪᠠᠰᠤᠷᠠᠭᠤᠯᠤᠭᠠᠳ ᠪᠠᠢᠢᠨ᠎ᠠ᠃

 

ᠬᠥᠷᠥᠩᠭᠡ ᠣᠷᠣᠭᠤᠯᠤᠯᠲᠠ ᠢᠢᠨ ᠬᠡᠮᠵᠢᠶ᠎ᠡ ᠰᠡᠭᠦᠯ ᠦᠨ ᠬᠡᠳᠦᠨ ᠵᠢᠯ ᠦᠨ ᠪᠠᠢᠢᠳᠠᠯ ᠢᠶᠠᠷ ᠥᠰᠴᠦ᠂ ᠥᠩᠭᠡᠷᠡᠭᠰᠡᠨ ᠵᠢᠯ 2.5 ᠳᠠᠬᠢᠨ ᠥᠰᠦᠭᠰᠡᠨ ᠦᠵᠡᠭᠦᠯᠦᠯᠲᠡ ᠲᠡᠢ ᠭᠠᠷᠤᠭᠰᠠᠨ᠃ ᠡᠳ᠋ ᠍ ᠦᠨ ᠵᠠᠰᠠᠭ ᠤᠨ ᠥᠰᠦᠯᠲᠡ ᠴᠤ 5.3 ᠬᠤᠪᠢ ᠳᠤ ᠬᠦᠷᠴᠦ᠂ 2018 ᠣᠨ ᠤ ᠡᠬᠢᠨ ᠦ ᠬᠠᠭᠠᠰ ᠲᠤ 6.3 ᠬᠤᠪᠢ ᠪᠣᠯᠤᠭᠰᠠᠨ᠃

 

ᠬᠥᠷᠥᠩᠭᠡ ᠣᠷᠣᠭᠤᠯᠤᠯᠲᠠ ᠢᠢ ᠬᠥᠬᠢᠭᠦᠯᠦᠨ ᠳᠡᠮᠵᠢᠬᠦ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠨᠡᠩ ᠱᠠᠭᠠᠷᠳᠠᠯᠭ᠎ᠠ ᠲᠠᠢ ᠬᠥᠳᠡᠭᠡ ᠠᠵᠤ ᠠᠬᠤᠢ᠂ ᠪᠣᠯᠪᠠᠰᠤᠷᠠᠭᠤᠯᠬᠤ ᠦᠢᠯᠡᠳᠪᠦᠷᠢᠯᠡᠯ᠂ ᠳᠡᠳ᠋ ᠪᠦᠲᠦᠴᠡ ᠵᠡᠷᠭᠡ ᠰᠠᠯᠪᠤᠷᠢ ᠨᠤᠭᠤᠳ ᠲᠤ ᠲᠦᠯᠬᠢᠭᠦᠦ ᠲᠠᠲᠠᠬᠤ ᠨᠢ ᠲᠤᠯᠭᠠᠮᠳᠠᠭᠰᠠᠨ ᠠᠰᠠᠭᠤᠳᠠᠯ ᠬᠡᠪ ᠢᠶᠡᠷ ᠪᠠᠢᠢᠨ᠎ᠠ᠃ ᠡᠨᠡ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠪᠠᠷ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠲᠦᠩᠰᠢ ᠨᠦᠭᠦᠳ ᠲᠡᠢ ᠡᠷᠬᠡ ᠵᠦᠢ ᠢᠢᠨ ᠣᠷᠴᠢᠨ ᠢ ᠰᠠᠢᠢᠵᠢᠷᠠᠭᠤᠯᠬᠤ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠤᠷᠤᠰᠬᠠᠯ ᠢ ᠨᠡᠮᠡᠭᠳᠡᠭᠦᠯᠬᠦ ᠳᠥ ᠴᠢᠭᠯᠡᠭᠰᠡᠨ ᠠᠷᠭ᠎ᠠ ᠬᠡᠮᠵᠢᠶ᠎ᠡ ᠨᠦᠭᠦᠳ ᠢ ᠴᠤ ᠠᠪᠴᠤ ᠬᠡᠷᠡᠭᠵᠢᠭᠦᠯᠵᠦ ᠪᠠᠢᠢᠨ᠎ᠠ᠃

 

ᠬᠥᠳᠡᠭᠡ ᠠᠵᠤ ᠠᠬᠤᠢ ᠠᠴᠠ ᠭᠠᠳᠠᠨ᠎ᠠ ᠰᠡᠷᠬᠦᠭᠡᠡᠭᠳᠡᠬᠦ ᠡᠷᠴᠢᠮ ᠬᠦᠴᠦ᠂ ᠠᠶᠠᠯᠠᠯ ᠵᠢᠭᠤᠯᠴᠢᠯᠠᠯ ᠤᠨ ᠰᠠᠯᠪᠤᠷᠢ ᠨᠢ ᠮᠠᠨ ᠤ ᠤᠯᠤᠰ ᠤᠨ ᠬᠤᠪᠢ ᠳᠤ ᠡᠷᠴᠢᠮᠲᠡᠢ ᠬᠥᠭ᠍ᠵᠢᠭᠦᠯᠬᠦ ᠢᠢ ᠵᠣᠷᠢᠵᠤ ᠪᠤᠢ ᠰᠠᠯᠪᠤᠷᠢ ᠨᠤᠭᠤᠳ ᠶᠤᠮ᠃ ᠮᠣᠩ᠋ᠭᠣᠯ ᠤᠯᠤᠰ ᠤᠨ ᠨᠠᠷᠠ᠂ ᠰᠠᠯᠬᠢ ᠵᠡᠷᠭᠡ ᠰᠡᠷᠬᠦᠭᠡᠭ᠍ᠳᠡᠬᠦ ᠡᠷᠴᠢᠮ ᠬᠦᠴᠦ ᠦᠢᠯᠡᠳᠪᠦᠷᠢᠯᠡᠬᠦ ᠥᠷᠭᠡᠨ ᠪᠣᠯᠤᠮᠵᠢ ᠢᠢ ᠠᠰᠢᠭᠯᠠᠨ ᠵᠡᠭᠦᠨ ᠬᠣᠢᠢᠳᠤ ᠠᠽᠢᠶ᠎ᠠ ᠢᠢᠨ ᠣᠷᠣᠨ ᠨᠤᠭᠤᠳ ᠢ ᠴᠠᠬᠢᠯᠭᠠᠨ ᠡᠷᠴᠢᠮ ᠬᠦᠴᠤ ᠪᠡᠷ ᠬᠠᠩ᠋ᠭᠠᠬᠤ 《ᠵᠡᠭᠦᠨ ᠬᠣᠢᠢᠳᠤ ᠠᠽᠢᠶ᠎ᠠ ᠢᠢᠨ ᠡᠷᠴᠢᠮ ᠬᠦᠴᠦᠨ ᠦ ᠰᠤᠫᠧᠷ ᠰᠦᠯᠵᠢᠶ᠎ᠡ》 ᠲᠥᠰᠥᠯ ᠬᠡᠷᠡᠭᠵᠢᠭᠦᠯᠬᠦ ᠰᠠᠨᠠᠭᠠᠴᠢᠯᠠᠭ᠎ᠠ ᠢᠢ ᠵᠡᠭᠦᠨ ᠬᠣᠢᠢᠳᠤ ᠠᠽᠢᠶ᠎ᠠ ᠢᠢᠨ ᠲᠦᠩᠰᠢ ᠣᠷᠣᠨ ᠨᠤᠭᠤᠳ ᠲᠠᠭᠠᠨ ᠳᠡᠪᠰᠢᠭᠦᠯᠦᠨ ᠠᠵᠢᠯᠯᠠᠵᠤ ᠪᠠᠢᠢᠨ᠎ᠠ᠃ ᠡᠳᠡᠭᠡᠷ ᠰᠠᠯᠪᠤᠷᠢ ᠳᠤ ᠲᠠ ᠪᠦᠭᠦᠳᠡ ᠲᠡᠢ ᠬᠠᠮᠲᠤᠷᠠᠨ ᠠᠵᠢᠯᠯᠠᠵᠤ᠂ ᠪᠠᠢᠢᠭᠠᠯᠢ ᠤᠷᠴᠢᠨ ᠳᠤ ᠡᠭᠡᠯᠢᠲᠡᠢ᠂ ᠰᠢᠨ᠎ᠡ ᠲᠧᠭᠨᠣᠯᠣᠭᠢ ᠨᠡᠪᠲᠡᠷᠡᠭᠦᠯᠬᠦ ᠬᠥᠷᠥᠩᠭᠡ ᠣᠷᠣᠭᠤᠯᠤᠯᠲᠠ ᠬᠢᠬᠦ ᠢᠢ ᠡᠨᠡ ᠶᠡᠨᠳᠡᠷ ᠡᠴᠡ ᠤᠷᠢᠶᠠᠯᠠᠵᠤ ᠪᠠᠢᠢᠨ᠎ᠠ᠃

 

ᠬᠠᠲᠤᠭᠲᠠᠢ ᠨᠣᠶᠠᠳ ᠠ᠋᠂

 

ᠥᠨᠥᠳᠥᠷ ᠲᠠ ᠪᠢᠳᠡ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠴᠢᠨᠠᠭᠰᠢᠳᠠ ᠬᠡᠷᠡᠭᠵᠢᠭᠦᠯᠬᠦ ᠳᠥ ᠨᠡᠩ ᠱᠠᠭᠠᠷᠳᠠᠯᠭ᠎ᠠ ᠲᠠᠢ ᠬᠥᠷᠥᠩᠭᠡ ᠣᠷᠣᠭᠤᠯᠤᠯᠲᠠ ᠢᠢᠨ ᠠᠰᠠᠭᠤᠳᠠᠯ ᠢ ᠬᠡᠷᠬᠢᠬᠦ᠂ ᠤᠯᠤᠰ ᠣᠷᠣᠨ ᠨᠤᠭᠤᠳ ᠴᠢᠨᠠᠭᠰᠢᠳᠠ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠬᠦ᠂ ᠡᠰᠡᠪᠡᠯ ᠤᠯᠤᠰ ᠪᠦᠬᠦᠨ ᠠᠮᠢ ᠪᠠᠨ ᠪᠣᠳᠣᠬᠤ ᠢᠢᠨ ᠠᠯᠢ ᠨᠢᠭᠡ ᠢᠢ ᠰᠤᠩ᠋ᠭᠤᠬᠤ ᠡᠭᠡᠵᠢᠭᠲᠡᠢ᠂ ᠬᠥᠮᠥᠨ ᠲᠥᠷᠥᠯᠬᠢᠲᠡᠨ ᠦ ᠴᠢᠨᠠᠭᠰᠢᠳᠠ ᠢᠢᠨ ᠬᠤᠪᠢ ᠵᠠᠶᠠᠭᠠᠨ ᠳᠤ ᠠᠰᠤᠷᠤ ᠶᠡᠬᠡ ᠴᠢᠬᠤᠯᠠ ᠰᠢᠢᠳᠪᠦᠷᠢ ᠢᠢ ᠭᠠᠷᠭᠠᠬᠤ ᠮᠥᠴᠡ ᠳᠥ ᠲᠤᠯᠵᠤ ᠢᠷᠡᠭᠡᠳ ᠪᠠᠢᠢᠨ᠎ᠠ᠃

 

ᠳᠡᠯᠡᠬᠡᠢ ᠢᠢᠨ ᠬᠡᠮᠵᠢᠶ᠎ᠡ ᠪᠡᠷ ᠶᠠᠳᠠᠭᠤᠷᠠᠯ ᠢ ᠪᠠᠭᠤᠷᠠᠭᠤᠯᠬᠤ᠂ ᠬᠦᠨᠡᠰᠦᠨ ᠦ ᠬᠠᠩ᠋ᠭᠠᠮᠵᠢ ᠢᠢ ᠰᠠᠢᠢᠵᠢᠷᠠᠭᠤᠯᠬᠤ᠂ ᠪᠣᠯᠪᠠᠰᠤᠷᠠᠯ ᠲᠠᠢ᠂ ᠡᠷᠡᠭᠦᠯ ᠢᠷᠭᠡᠳ ᠲᠡᠢ ᠤᠯᠤᠰ ᠣᠷᠣᠨ ᠨᠤᠭᠤᠳ ᠢ ᠪᠤᠢ ᠪᠣᠯᠭᠠᠬᠤ ᠬᠠᠮᠲᠤ ᠢᠢᠨ ᠵᠣᠷᠢᠯᠭ᠎ᠠ ᠪᠠᠨ ᠬᠡᠷᠡᠭᠵᠢᠭᠦᠯᠬᠦ ᠢᠢᠨ ᠲᠥᠯᠥᠭᠡ ᠪᠢᠳᠡ ᠬᠦᠴᠦ ᠪᠡᠨ ᠨᠢᠭᠡᠳᠬᠡᠵᠦ᠂ ᠤᠷᠤᠭᠰᠢᠯᠠᠬᠤ ᠤᠤ᠂ ᠡᠰᠡᠪᠡᠯ ᠤᠬᠤᠷᠢᠬᠤ ᠤᠤ? ᠣᠯᠠᠨ ᠤᠯᠤᠰ ᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠲᠣᠭᠲᠠᠯᠴᠠᠭᠠᠨ ᠳᠤ ᠡᠭᠦᠰᠦᠭᠡᠳ ᠪᠠᠢᠢᠭ᠎ᠠ ᠠᠰᠠᠭᠤᠳᠠᠯ ᠢ ᠬᠠᠮᠲᠤ ᠢᠢᠨ ᠬᠦᠰᠡᠯ᠂ ᠵᠣᠷᠢᠭ᠂ ᠡᠷᠡᠮᠡᠯᠵᠡᠯ ᠢᠶᠡᠷ ᠰᠢᠢᠳᠪᠦᠷᠢᠯᠡᠬᠦ ᠦᠦ᠂ ᠡᠰᠡᠪᠡᠯ ᠤᠨᠠᠭᠠᠬᠤ ᠤᠤ? ᠭᠡᠳᠡᠭ ᠢ ᠰᠢᠢᠳᠪᠦᠷᠢᠯᠡᠬᠦ ᠵᠠᠭᠠᠭ ᠲᠤ ᠬᠦᠷᠦᠯᠴᠡᠨ ᠢᠷᠡᠭᠡᠳ ᠪᠠᠢᠢᠨ᠎ᠠ᠃

 

ᠬᠥᠷᠥᠩᠭᠡ ᠣᠷᠣᠭᠤᠯᠤᠯᠲᠠ ᠢᠢᠨ ᠦᠷ᠎ᠡ ᠠᠰᠢᠭ᠂ ᠴᠢᠨᠠᠷ ᠢ ᠳᠡᠭᠡᠭ᠍ᠰᠢᠯᠡᠭᠦᠯᠬᠦ᠂ ᠬᠥᠷᠥᠩᠭᠡ ᠣᠷᠣᠭᠤᠯᠤᠯᠲᠠ ᠢᠢ ᠬᠠᠮᠠᠭᠠᠯᠠᠬᠤ ᠮᠧᠬᠠᠨᠢᠰᠮ ᠢ ᠪᠣᠯᠪᠠᠰᠤᠷᠠᠩ᠋ᠭᠤᠢ ᠪᠣᠯᠭᠠᠬᠤ ᠭᠠᠷᠴᠠ ᠢᠢ ᠰᠠᠨᠠᠯ ᠪᠣᠯᠭᠠᠬᠤ ᠢᠢᠨ ᠵᠡᠷᠭᠡᠴᠡᠭᠡ ᠳᠡᠯᠡᠬᠡᠢ ᠳᠠᠬᠢᠨ ᠳᠤ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ ᠳᠤ ᠴᠢᠬᠤᠯᠠ ᠬᠦᠴᠦᠨ ᠵᠦᠢᠯ ᠪᠣᠯᠬᠤ ᠬᠥᠷᠥᠩᠭᠡ ᠣᠷᠣᠭᠤᠯᠤᠯᠲᠠ ᠢᠢᠨ ᠤᠷᠤᠰᠬᠠᠯ ᠢ ᠨᠡᠮᠡᠭᠳᠡᠭᠦᠯᠬᠦ ᠢᠢᠨ ᠲᠥᠯᠥᠭᠡ ᠤᠯᠤᠰ ᠣᠷᠣᠨ ᠨᠤᠭᠤᠳ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ᠂ ᠬᠥᠷᠥᠩᠭᠡ ᠣᠷᠣᠭᠤᠯᠤᠭᠴᠢᠳ ᠬᠠᠮᠲᠤᠷᠠᠨ ᠠᠵᠢᠯᠯᠠᠬᠤ ᠡᠷᠡᠮᠡᠯᠵᠡᠯ ᠲᠡᠭᠦᠰ ᠪᠤᠢ ᠢᠢ ᠨᠤᠲᠠᠯᠠᠬᠤ ᠨᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠠᠴᠠ ᠭᠠᠷᠬᠤ ᠴᠢᠬᠤᠯᠠ ᠦᠷ᠎ᠡ ᠳ᠋ᠦᠩ ᠪᠣᠯᠬᠤ ᠶᠣᠰᠣᠲᠠᠢ᠃

 

ᠮᠢᠨᠦ ᠪᠡᠶ᠎ᠡ ᠰᠫᠣᠷᠲ ᠢᠶᠠᠷ ᠬᠢᠴᠢᠶᠡᠯᠯᠡᠵᠦ ᠪᠠᠢᠢᠭᠰᠠᠨ ᠬᠦᠮᠦᠨ ᠦ ᠬᠤᠪᠢ ᠳᠤ ᠪᠡᠶ᠎ᠡ ᠢᠢᠨ ᠲᠠᠮᠢᠷ᠂ ᠰᠫᠣᠷᠲ ᠤᠨ ᠬᠤᠪᠢ ᠬᠦᠮᠦᠨ ᠦ ᠬᠥᠭ᠍ᠵᠢᠯ᠂ ᠬᠦᠮᠦᠵᠢᠯ ᠳᠥ ᠭᠦᠢᠴᠡᠳᠭᠡᠬᠦ ᠡᠭᠦᠷᠭᠡ ᠢᠢ ᠥᠨᠳᠥᠷ ᠢᠶᠡᠷ ᠦᠨᠡᠯᠡᠳᠡᠭ ᠪᠥᠭᠡᠳ ᠪᠡᠶ᠎ᠡ ᠢᠢᠨ ᠲᠠᠮᠢᠷ᠂ ᠰᠫᠣᠷᠲ ᠲᠤ ᠤᠷᠤᠭᠤᠯᠬᠤ ᠬᠥᠷᠥᠩᠭᠡ ᠣᠷᠣᠭᠤᠯᠤᠯᠲᠠ ᠢᠢ ᠨᠡᠮᠡᠭᠳᠡᠭᠦᠯᠬᠦ ᠨᠢ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠲᠤ ᠲᠤᠰᠬᠠᠭᠳᠠᠭᠰᠠᠨ ᠡᠮᠡᠭᠲᠡᠢᠢᠴᠦᠳ᠂ ᠬᠡᠦᠬᠡᠳ ᠦᠳ ᠢ ᠴᠢᠳᠠᠪᠬᠢᠵᠢᠭᠤᠯᠬᠤ᠂ ᠡᠷᠡᠭᠦᠯ ᠮᠡᠨᠳᠦ᠂ ᠪᠣᠯᠪᠠᠰᠤᠷᠠᠯ ᠢ ᠬᠥᠭ᠍ᠵᠢᠭᠦᠯᠬᠦ᠂ ᠨᠡᠢᠢᠭᠡᠮ ᠤᠨ ᠲᠡᠭᠰᠢ ᠪᠠᠢᠢᠳᠠᠯ ᠢ ᠬᠠᠩ᠋ᠭᠠᠬᠤ ᠵᠢᠭᠠᠯᠲᠠ ᠨᠤᠭᠤᠳ ᠢ ᠬᠡᠷᠡᠭᠵᠢᠭᠦᠯᠬᠦ ᠳᠥ ᠳᠣᠷᠪᠢᠲᠠᠢ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯᠲᠡᠢ ᠪᠠᠢᠢᠳᠠᠭ ᠶᠤᠮ᠃ ᠲᠡᠢᠢᠮᠦ ᠡᠴᠡ ᠮᠠᠨ ᠤ ᠤᠯᠤᠰ ᠲᠡᠳᠦᠢ ᠦᠭᠡᠢ ᠪᠥᠰᠡ ᠨᠤᠲᠤᠭ ᠢ ᠬᠠᠮᠤᠷᠤᠭᠰᠠᠨ ᠰᠫᠣᠷᠲ ᠤᠨ ᠲᠥᠰᠥᠯ᠂ ᠬᠥᠲᠥᠯᠪᠦᠷᠢ ᠨᠦᠭᠦᠳ ᠢ ᠳᠡᠮᠵᠢᠵᠦ ᠠᠵᠢᠯᠯᠠᠬᠤ ᠪᠠᠨ ᠡᠨᠡ ᠳᠠᠰᠢᠷᠠᠮ ᠳᠤ ᠢᠯᠡᠷᠬᠡᠢᠢᠯᠡᠶ᠎ᠡ᠃

 

ᠴᠢᠭᠤᠯᠭ᠎ᠠ ᠠᠭᠤᠯᠵᠠᠯᠲᠠ ᠢᠢᠨ ᠠᠵᠢᠯᠯᠠᠭᠠᠨ ᠳᠤ ᠠᠮᠵᠢᠯᠲᠠ ᠬᠦᠰᠡᠶ᠎ᠡ᠃

 

ᠠᠩ᠋ᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ》 ᠭᠡᠪᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠣᠷᠣᠯᠴᠠᠵᠤ ᠪᠤᠢ ᠳᠡᠯᠡᠬᠡᠢ ᠢᠢᠨ ᠤᠳᠤᠷᠢᠳᠤᠭᠴᠢᠳ ᠤᠨ ᠬᠥᠷᠥᠩᠭᠡ ᠣᠷᠣᠭᠤᠯᠤᠯᠲᠠ ᠢᠢᠨ ᠳᠡᠭᠡᠳᠦ ᠬᠡᠮᠵᠢᠶᠡᠨ ᠦ ᠠᠭᠤᠯᠵᠠᠯᠲᠠ ᠢᠢ 《BBC》 ᠠᠭᠧᠨ᠋ᠲ᠋ᠯᠢᠭ ᠤᠨ ᠬᠥᠲᠥᠯᠥᠭᠴᠢ ᠨᠢᠱᠠ ᠫᠢᠯᠯᠠ ᠬᠥᠲᠥᠯᠦᠨ ᠶᠠᠪᠤᠭᠤᠯᠵᠤ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ-ᠣᠷᠣᠰ ᠤᠨ ᠬᠣᠯᠪᠣᠭᠠᠨ ᠤ ᠤᠯᠤᠰ ᠳᠤᠮᠳᠠ ᠤᠷᠤᠰᠢᠬᠤ ᠮᠣᠩ᠋ᠭᠣᠯ ᠤᠨ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ ᠢᠢᠨ ᠠᠰᠠᠭᠤᠳᠠᠯ ᠢᠶᠠᠷ ᠠᠰᠠᠭᠤᠯᠲᠠ᠂ ᠬᠠᠷᠢᠭᠤᠯᠲᠠ ᠥᠷᠨᠢᠭᠦᠯᠦᠭᠰᠡᠨ ᠶᠤᠮ᠃ ᠮᠥᠨ ᠡᠨᠡᠬᠦ ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠣᠯᠴᠠᠭᠰᠠᠨ ᠲᠥᠷᠥ᠂ ᠵᠠᠰᠠᠭ ᠤᠨ ᠲᠡᠷᠢᠭᠦᠨ᠂ ᠲᠣᠮᠣᠬᠠᠨ ᠺᠣᠷᠫᠣᠷᠠᠼᠢ ᠢᠢᠨ ᠤᠳᠤᠷᠢᠳᠤᠭᠴᠢᠳ ᠬᠥᠷᠥᠩᠭᠡ ᠣᠷᠣᠭᠤᠯᠤᠯᠲᠠ ᠢᠢᠨ ᠲᠣᠭᠲᠠᠪᠤᠷᠢᠲᠠᠢ ᠪᠠᠢᠢᠳᠠᠯ ᠤᠨ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠵᠤ᠂ ᠳᠡᠯᠡᠬᠡᠢ ᠳᠠᠬᠢᠨ ᠢᠶᠠᠨ ᠡᠭᠦᠰᠦᠭᠰᠡᠨ ᠬᠥᠷᠥᠩᠭᠡ ᠣᠷᠣᠭᠤᠯᠤᠯᠲᠠ ᠢᠢᠨ ᠲᠣᠳᠣᠷᠬᠠᠢ ᠪᠤᠰᠤ ᠪᠠᠢᠢᠳᠠᠯ ᠢ ᠤᠯᠤᠰ ᠣᠷᠣᠨ ᠨᠤᠭᠤᠳ ᠬᠠᠮᠲᠤᠷᠠᠨ ᠬᠡᠷᠬᠢᠨ ᠰᠢᠢᠳᠪᠦᠷᠢᠯᠡᠬᠦ ᠬᠦᠷᠢᠶᠡᠨ ᠳᠥ ᠰᠠᠨᠠᠯ᠂ ᠪᠣᠳᠣᠯ ᠢᠶᠠᠨ ᠰᠣᠯᠢᠯᠴᠠᠯ᠎ᠠ᠃