Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠦᠵᠡᠵᠦ ᠥᠪᠡᠷ ᠢᠶᠡᠨ ᠲᠠᠷᠠᠬᠤ ᠰᠢᠢᠳᠪᠦᠷᠢ ᠭᠠᠷᠭᠠᠬᠤ ᠢᠢ ᠤᠯᠤᠰ ᠤᠨ ᠶᠡᠬᠡ ᠬᠤᠷᠠᠯ ᠳᠤ ᠰᠠᠨᠠᠯ ᠪᠣᠯᠭᠠᠬᠤ ᠲᠤᠬᠠᠢ ᠠᠰᠠᠭᠤᠳᠠᠯ ᠢ ᠵᠥᠪᠰᠢᠯᠴᠡᠬᠦ ᠪᠡᠷ ᠬᠦᠷᠭᠡᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 《ᠵᠥᠪᠰᠢᠯᠴᠡᠬᠦ ᠲᠤᠬᠠᠢ》 ᠠᠯᠪᠠᠨ ᠪᠢᠴᠢᠭ᠌ ᠢ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ ᠲᠤ ᠭᠠᠷᠳᠠᠭᠤᠯᠤᠯ᠎ᠠ᠃

 

ᠠᠯᠪᠠᠨ ᠪᠢᠴᠢᠭ᠌ ᠲᠥ᠄

 

ᠮᠣᠩ᠋ᠭᠣᠯ ᠤᠯᠤᠰ ᠤᠨ ᠶᠡᠬᠡ ᠬᠤᠷᠠᠯ ᠤᠨ 2016 ᠣᠨ ᠤ ᠡᠭᠡᠯᠵᠢᠲᠦ ᠰᠣᠩ᠋ᠭᠣᠭᠤᠯᠢ ᠪᠠᠷ ᠮᠣᠩ᠋ᠭᠣᠯ ᠤᠨ ᠠᠷᠠᠳ ᠲᠦᠮᠡᠨ 《ᠢᠷᠭᠡᠳ ᠢᠶᠡᠨ ᠶᠠᠳᠠᠭᠤᠷᠠᠯ ᠠᠴᠠ ᠠᠪᠤᠷᠠᠵᠤ᠂ ᠡᠳ᠋ ᠍ ᠦᠨ ᠵᠠᠰᠠᠭ ᠢᠶᠠᠨ ᠬᠢᠮᠤᠷᠠᠯ ᠠᠴᠠ ᠭᠠᠷᠭᠠᠵᠤ᠂ ᠡᠬᠡ ᠣᠷᠣᠨ ᠢᠶᠠᠨ ᠥᠷᠢ ᠡᠴᠡ ᠰᠠᠯᠭᠠᠵᠤ᠂ ᠲᠥᠷᠦ ᠢᠢᠨ ᠳᠠᠮᠫᠤᠤᠷᠠᠯ ᠢ ᠵᠠᠰᠠᠵᠤ》 ᠲᠡᠭᠰᠢ ᠵᠢᠷᠤᠮᠲᠤ᠂ ᠪᠠᠶᠠᠨ ᠬᠦᠴᠦᠷᠬᠡᠭ᠌ ᠮᠣᠩ᠋ᠭᠣᠯ ᠢ ᠴᠣᠭᠴᠠᠯᠠᠭᠠᠬᠤ ᠲᠤᠬᠠᠢ ᠠᠮᠠᠯᠠᠭᠰᠠᠨ ᠮᠣᠩ᠋ᠭᠣᠯ ᠠᠷᠠᠳ ᠤᠨ ᠨᠠᠮ ᠤᠨ ᠮᠥᠷ ᠦᠨ ᠬᠥᠲᠦᠯᠪᠦᠷᠢ ᠢᠢ ᠳᠡᠮᠵᠢᠨ ᠢᠲᠡᠭᠡᠯ ᠬᠦᠯᠢᠶᠡᠯᠭᠡᠵᠦ᠂ ᠲᠥᠷᠦ ᠢᠢᠨ ᠡᠷᠬᠡ ᠢᠢ ᠪᠠᠷᠢᠬᠤ ᠦᠨᠡᠮᠯᠡᠬᠦᠢ ᠪᠣᠯᠤᠮᠵᠢ ᠢᠢ ᠳᠠᠬᠢᠨ ᠣᠯᠭᠤᠭᠰᠠᠨ᠃

 

ᠢᠷᠭᠡᠳ ᠲᠥ ᠲᠠᠨᠢᠯᠴᠠᠭᠤᠯᠵᠤ᠂ ᠢᠷᠭᠡᠳ ᠢᠶᠡᠷ ᠢᠶᠡᠨ ᠳᠡᠮᠵᠢᠭᠦᠯᠦᠭᠰᠡᠨ ᠨᠠᠮ ᠤᠨ ᠮᠥᠷ ᠦᠨ ᠬᠥᠲᠥᠯᠪᠦᠷᠢ ᠢᠢ ᠠᠷᠠᠳ ᠲᠦᠮᠡᠨ ᠲᠡᠢ ᠪᠠᠢᠢᠭᠤᠯᠤᠭᠰᠠᠨ ᠭᠡᠷ᠎ᠡ ᠭᠡᠵᠦ ᠦᠵᠡᠵᠦ ᠪᠣᠯᠤᠨ᠎ᠠ᠃ ᠬᠠᠷᠠᠮᠰᠠᠯᠲᠠᠢ ᠨᠢ 2016 ᠣᠨ ᠤ ᠰᠣᠩ᠋ᠭᠣᠭᠤᠯᠢ ᠢᠢᠨ ᠦᠷ᠎ᠡ ᠳ᠋ᠦᠩ ᠳᠥ ᠪᠦᠷᠢᠯᠳᠦᠭᠰᠡᠨ ᠤᠯᠤᠰ ᠤᠨ ᠶᠡᠬᠡ ᠬᠤᠷᠠᠯ ᠪᠣᠯᠤᠨ ᠲᠡᠭᠦᠨ ᠡᠴᠡ ᠪᠠᠢᠢᠭᠤᠯᠤᠭᠰᠠᠨ ᠵᠠᠰᠠᠭ ᠤᠨ ᠭᠠᠵᠠᠷ ᠤᠳ ᠠᠷᠠᠳ ᠲᠦᠮᠡᠨ ᠲᠡᠢ ᠪᠠᠢᠢᠭᠤᠯᠤᠭᠰᠠᠨ ᠭᠡᠷ᠎ᠡ ᠪᠡᠨ ᠦᠯᠦ ᠬᠠᠷᠠᠭᠠᠯᠵᠠᠬᠤ᠂ ᠡᠰᠡᠷᠭᠦ ᠪᠡᠷ ᠬᠡᠷᠡᠭᠵᠢᠭᠦᠯᠬᠦ᠂ ᠬᠠᠤᠯᠢ ᠶᠣᠰᠣ᠂ ᠵᠢᠷᠤᠮ ᠢ ᠪᠦᠳᠦᠭᠦᠯᠢᠭ᠌ ᠢᠶᠡᠷ ᠵᠥᠷᠢᠴᠡᠬᠦ᠂ ᠲᠥᠷᠦ ᠢᠢᠨ ᠡᠷᠬᠡ ᠮᠡᠳᠡᠯ ᠢ ᠳᠤᠷ᠎ᠠ ᠵᠣᠷᠭᠣ ᠮᠡᠲᠦ ᠣᠢᠢᠯᠠᠭᠠᠵᠤ ᠠᠪᠤᠷᠢᠯᠠᠬᠤ ᠪᠠᠢᠢᠳᠠᠯ ᠳᠤ ᠪᠥᠷᠢᠨ ᠠᠪᠲᠠᠵᠤ᠂ ᠬᠡᠮᠵᠢᠶ᠎ᠡ ᠬᠢᠵᠠᠭᠠᠷ ᠢ ᠳᠠᠪᠠᠯ᠎ᠠ᠃

 

ᠲᠤᠬᠠᠢᠢᠯᠠᠪᠠᠯ ᠡᠨᠡ ᠵᠢᠯ ᠦᠨ ᠲᠥᠰᠦᠪ ᠲᠥ ᠣᠯᠠᠨ ᠵᠢᠯ ᠳᠠᠪᠲᠠᠭᠳᠠᠵᠤ ᠪᠠᠢᠢᠭ᠎ᠠ 《ᠭᠡᠰᠢᠭᠦᠨ ᠦ ᠮᠥᠩᠭᠥ》 ᠍ ᠢ 5000 ᠳᠠᠬᠢᠨ ᠥᠰᠬᠡᠭ᠍ᠰᠡᠨ᠂ ᠵᠢᠷᠤᠭ ᠲᠥᠰᠦᠪᠭᠦᠢ 375 ᠪᠠᠷᠢᠯᠭ᠎ᠠ᠂ ᠪᠠᠢᠢᠭᠤᠯᠤᠮᠵᠢ ᠪᠠᠷᠢᠬᠤ ᠪᠠᠷ ᠲᠤᠰᠬᠠᠭᠰᠠᠨ ᠵᠡᠷᠭᠡ ᠤᠯᠤᠰ ᠣᠷᠣᠨ ᠤ ᠡᠳ᠋ ᠍ ᠦᠨ ᠵᠠᠰᠠᠭ ᠢ ᠲᠤᠢᠢᠯᠳᠠᠭᠤᠯᠬᠤ᠂ ᠬᠠᠤᠯᠢ ᠵᠥᠷᠢᠴᠡᠭᠰᠡᠨ ᠣᠯᠠᠨ ᠠᠰᠠᠭᠤᠳᠠᠯ ᠪᠠᠢᠢᠭ᠎ᠠ ᠢᠢ ᠵᠠᠰᠠᠵᠤ᠂ ᠵᠠᠯᠠᠷᠠᠭᠤᠯᠬᠤ ᠵᠣᠷᠢᠯᠭ᠎ᠠ ᠪᠠᠷ ᠮᠢᠨᠤ ᠪᠡᠶ᠎ᠡ ᠤᠯᠤᠰ ᠤᠨ ᠶᠡᠬᠡ ᠬᠤᠷᠠᠯ ᠳᠤ ᠪᠠᠢᠢᠷᠢ ᠰᠠᠭᠤᠷᠢ ᠪᠠᠨ ᠢᠯᠡᠷᠬᠡᠢᠢᠯᠡᠵᠦ᠂ ᠤᠯᠤᠰ ᠤᠨ ᠶᠡᠬᠡ ᠬᠤᠷᠠᠯ ᠤᠨ ᠳᠠᠷᠤᠭ᠎ᠠ ᠪᠣᠯᠤᠨ ᠶᠡᠷᠦᠩᠬᠡᠢ ᠰᠠᠢᠢᠳ ᠲᠤ ᠲᠤᠬᠠᠢᠢᠯᠠᠨ ᠬᠠᠨᠳᠤᠭᠰᠠᠨ ᠪᠣᠯᠪᠠᠴᠤ ᠦᠷ᠎ᠡ ᠳ᠋ᠦᠩ ᠳᠥ ᠬᠦᠷᠦᠭᠡ ᠦᠭᠡᠢ ᠪᠡᠷ ᠪᠠᠷᠠᠬᠤ ᠦᠭᠡᠢ ᠬᠡᠯᠡᠯᠴᠡᠭᠦᠯᠭᠡ ᠢᠢᠨ ᠱᠠᠲᠤᠨ ᠳᠤ 404 ᠪᠠᠷᠢᠯᠭ᠎ᠠ᠂ ᠠᠷᠭ᠎ᠠ ᠬᠡᠮᠵᠢᠶ᠎ᠡ ᠨᠡᠮᠡᠬᠦ᠂ ᠤᠯᠠᠮ ᠢᠶᠠᠷ 《ᠭᠡᠰᠢᠭᠦᠨ ᠦ ᠮᠥᠩᠭᠥ》 ᠍ ᠢ 3 ᠲᠡᠷᠪᠤᠮ ᠢᠶᠠᠷ ᠨᠡᠮᠡᠭᠳᠡᠭᠦᠯᠦᠨ 8 ᠲᠡᠷᠪᠤᠮ ᠪᠣᠯᠲᠠᠯ᠎ᠠ ᠨᠢ ᠥᠰᠬᠡᠬᠦ ᠰᠠᠨᠠᠯ ᠭᠠᠷᠴᠤ᠂ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠬᠤᠪᠢ ᠢᠢᠨ ᠢᠪᠴᠤᠤ ᠠᠰᠢᠭ ᠰᠣᠨᠢᠷᠬᠠᠯ ᠢᠶᠠᠷ ᠰᠢᠢᠳᠪᠦᠷᠢᠯᠡᠭᠳᠡᠬᠦ ᠨᠥᠬᠥᠴᠡᠯ ᠪᠦᠷᠢᠳᠦᠭᠡᠳ ᠪᠠᠢᠢᠨ᠎ᠠ᠃

 

ᠮᠥᠨ ᠤᠯᠤᠰ ᠤᠨ ᠶᠡᠬᠡ ᠬᠤᠷᠠᠯ ᠤᠨ ᠭᠡᠰᠢᠭᠦᠳ ᠠᠯᠪᠠᠨ ᠲᠤᠰᠢᠶᠠᠯ ᠤᠨ ᠡᠷᠬᠡ ᠮᠡᠳᠡᠯ᠂ ᠨᠥᠯᠥᠭᠡ ᠪᠡᠨ ᠠᠰᠢᠭᠯᠠᠨ ᠵᠢᠵᠢᠭ᠂ ᠳᠤᠮᠳᠠ ᠦᠢᠯᠡᠳᠪᠦᠷᠢᠯᠡᠯ ᠢ ᠬᠥᠭ᠍ᠵᠢᠭᠦᠯᠬᠦ ᠰᠠᠩ ᠠᠴᠠ ᠰᠠᠷ᠎ᠠ ᠢᠢᠨ 0.25 ᠬᠤᠪᠢ ᠢᠢᠨ ᠬᠦᠦ ᠲᠡᠢ ᠵᠢᠭᠡᠯᠡ ᠢᠢ ᠦᠯᠡᠮᠵᠢ ᠬᠡᠮᠵᠢᠶ᠎ᠡ ᠪᠡᠷ ᠠᠪᠤᠭᠰᠠᠨ ᠨᠢ ᠨᠡᠢᠢᠲᠡ ᠳᠥ ᠢᠯᠡ ᠪᠣᠯᠤᠭᠰᠠᠨ ᠲᠡᠳᠦᠢ ᠦᠭᠡᠢ 75 ᠭᠡᠰᠢᠭᠦᠨ ᠦ 50 ᠣᠷᠴᠢᠮ ᠨᠢ ᠤᠭ ᠵᠡᠭᠡᠯᠢ ᠢᠢ ᠠᠪᠤᠭᠰᠠᠨ ᠪᠠᠢᠢᠬᠤ ᠨᠣᠴᠢᠲᠠᠢ ᠨᠥᠬᠥᠴᠡᠯ ᠪᠠᠢᠢᠳᠠᠯ ᠡᠭᠦᠰᠴᠦ᠂ ᠰᠠᠷ᠎ᠠ ᠢᠢᠨ 5 ᠬᠤᠪᠢ ᠢᠢᠨ ᠬᠦᠦ ᠲᠡᠢ ᠵᠢᠭᠡᠯᠡ ᠪᠡᠷ ᠦᠢᠯᠡᠳᠪᠦᠷᠢ ᠡᠷᠬᠢᠯᠡᠨ ᠤᠯᠤᠰ ᠣᠷᠣᠨ᠂ ᠭᠡᠷ ᠪᠦᠯᠢ᠂ ᠦᠷ᠎ᠡ ᠬᠡᠦᠬᠡᠳ ᠦᠨ ᠢᠶᠡᠨ ᠲᠥᠯᠥᠭᠡ ᠴᠢᠩ ᠰᠢᠳᠤᠷᠭᠤ ᠪᠠᠷ ᠵᠢᠳᠬᠦᠵᠦ ᠪᠠᠢᠢᠭ᠎ᠠ ᠢᠷᠭᠡᠳ᠂ ᠣᠯᠠᠨ ᠨᠡᠢᠢᠲᠡ ᠢᠢᠨ ᠡᠰᠡᠷᠭᠦᠴᠡᠯ᠂ ᠳᠤᠷᠠᠭᠦᠢᠢᠴᠡᠯ ᠢ ᠲᠤᠢᠢᠯ ᠳᠤ ᠨᠢ ᠬᠦᠷᠭᠡᠭᠡᠳ ᠪᠠᠢᠢᠨ᠎ᠠ᠃

 

ᠲᠡᠭᠦᠨᠴᠢᠯᠡᠨ 2016 ᠣᠨ ᠤ ᠰᠣᠩ᠋ᠭᠣᠭᠤᠯᠢ ᠢᠢᠨ ᠦᠷ᠎ᠡ ᠳ᠋ᠦᠩ ᠳᠥ ᠪᠠᠢᠢᠭᠤᠯᠤᠭᠳᠠᠭᠰᠠᠨ ᠵ ∙ ᠡᠷᠳᠡᠨᠢᠪᠠᠲᠤ ᠢᠢᠨ ᠵᠠᠰᠠᠭ ᠤᠨ ᠭᠠᠵᠠᠷ ᠠᠰᠢᠭ ᠰᠣᠨᠢᠷᠬᠠᠯ ᠪᠦᠬᠦᠢ ᠺᠣᠨ᠋ᠼᠧᠰ ᠤᠨ ᠭᠡᠷ᠎ᠡ ᠪᠠᠢᠢᠭᠤᠯᠤᠭᠰᠠᠨ ᠵᠡᠷᠭᠡ ᠠᠯᠳᠠᠭ᠎ᠠ ᠲᠠᠢ ᠣᠯᠠᠨ ᠪᠣᠳᠣᠯᠭ᠎ᠠ ᠢᠢᠨ ᠢᠶᠠᠨ ᠦᠷ᠎ᠡ ᠳ᠋ᠦᠩ ᠳᠥ ᠣᠭᠴᠣᠷᠠᠭᠰᠠᠨ ᠪᠣᠯ ᠤ᠊ ∙ ᠬᠦᠷᠦᠯᠰᠦ᠋ᠬᠡ ᠢᠢᠨ ᠵᠠᠰᠠᠭ ᠤᠨ ᠭᠠᠵᠠᠷ ᠮᠥᠨ ᠤᠯᠤᠰ ᠣᠷᠣᠨ ᠤ ᠡᠳ᠋ ᠍ ᠦᠨ ᠵᠠᠰᠠᠭ ᠢ ᠲᠤᠢᠢᠯᠳᠠᠭᠤᠯᠬᠤ ᠬᠡᠮᠵᠢᠶᠡᠨ ᠦ ᠠᠪᠯᠢᠭᠠᠵᠢᠭᠰᠠᠨ ᠲᠥᠰᠥᠪ ᠪᠣᠯᠪᠠᠰᠤᠷᠠᠭᠤᠯᠤᠭᠰᠠᠨ᠂ ᠵᠢᠵᠢᠭ ᠳᠤᠮᠳᠠ ᠦᠢᠯᠡᠳᠪᠦᠷᠢ ᠡᠷᠬᠢᠯᠡᠭᠴᠢᠳ ᠲᠥ ᠣᠴᠢᠬᠤ ᠶᠣᠰᠣᠲᠠᠢ ᠵᠢᠭᠡᠯᠠ ᠢᠢ ᠡᠷᠬᠡ ᠮᠡᠳᠡᠯ᠂ ᠨᠥᠯᠥᠭᠡ ᠪᠦᠬᠦᠢ ᠠᠯᠪᠠᠨ ᠲᠤᠰᠢᠶᠠᠯᠲᠠᠨ ᠨᠤᠭᠤᠳ ᠲᠤ ᠣᠯᠭᠤᠭᠰᠠᠨ ᠵᠡᠷᠭᠡ ᠣᠭᠴᠣᠷᠠᠬᠤ ᠬᠡᠮᠵᠢᠶᠡᠨ ᠦ ᠠᠯᠳᠠᠭ᠎ᠠ ᠲᠠᠢ ᠪᠣᠳᠣᠯᠭ᠎ᠠ ᠨᠤᠭᠤᠳ ᠶᠠᠪᠤᠭᠤᠯᠵᠤ᠂ ᠡᠭᠦᠨ ᠢ ᠨᠢ ᠤᠯᠤᠰ ᠤᠨ ᠶᠡᠬᠡ ᠬᠤᠷᠠᠯ᠂ ᠲᠡᠭᠦᠨ ᠦ ᠭᠡᠰᠢᠭᠦᠳ ᠬᠤᠪᠢ ᠢᠢᠨ ᠠᠰᠢᠭ ᠰᠣᠨᠢᠷᠬᠠᠯ ᠢᠶᠠᠷ ᠳᠡᠮᠵᠢᠨ ᠥᠭᠡᠭ᠍ᠰᠢᠭᠦᠯᠵᠦ ᠪᠠᠢᠢᠭ᠎ᠠ ᠨᠢ ᠢᠯᠡᠳᠲᠡ ᠪᠣᠯᠤᠭᠠᠳ ᠪᠠᠢᠢᠨ᠎ᠠ᠃

 

ᠰᠣᠩ᠋ᠭᠣᠭᠤᠯᠢ ᠤᠭᠲᠤᠭᠰᠠᠨ ᠢᠪᠴᠤᠤ ᠡᠷᠬᠡ ᠠᠰᠢᠭ ᠢᠶᠠᠷ ᠲᠥᠰᠦᠪ ᠲᠥ ᠬᠠᠨᠳᠤᠵᠤ ᠤᠯᠤᠰ ᠣᠷᠣᠨ ᠤ ᠡᠳ᠋ ᠍ ᠦᠨ ᠵᠠᠰᠠᠭ ᠢᠶᠠᠷ ᠲᠣᠭᠯᠠᠬᠤ᠂ ᠠᠯᠪᠠᠨ ᠲᠤᠰᠢᠶᠠᠯ ᠤᠨ ᠡᠷᠬᠡ ᠮᠡᠳᠡᠯ᠂ ᠨᠥᠯᠦᠭᠡ ᠪᠡᠨ ᠠᠰᠢᠭᠯᠠᠨ ᠬᠤᠪᠢ ᠢᠢᠨ ᠠᠰᠢᠭ ᠰᠣᠨᠢᠷᠬᠠᠯ ᠢᠶᠠᠨ ᠭᠦᠢᠴᠡᠯᠳᠦᠭᠦᠯᠬᠦ ᠵᠡᠷᠭᠡ ᠪᠠᠢᠢᠳᠠᠯ ᠳᠤ ᠪᠥᠷᠢᠨ ᠠᠪᠲᠠᠭᠠᠳ ᠪᠠᠢᠢᠭ᠎ᠠ ᠭᠡᠰᠢᠭᠦᠳ 《ᠤᠯᠤᠰ ᠤᠨ ᠶᠡᠬᠡ ᠬᠤᠷᠠᠯ ᠤᠨ ᠭᠡᠰᠢᠭᠦᠨ ᠪᠣᠯ ᠠᠷᠠᠳ ᠲᠦᠮᠡᠨ ᠦ ᠡᠯᠴᠢ ᠮᠥᠨ ᠪᠥᠭᠡᠳ ᠨᠡᠢᠢᠲᠡ ᠢᠷᠭᠡᠨ᠂ ᠤᠯᠤᠰ ᠤᠨ ᠠᠰᠢᠭ ᠰᠣᠨᠢᠷᠬᠠᠯ ᠢ ᠡᠷᠬᠢᠮᠯᠡᠨ ᠪᠠᠷᠢᠮᠲᠠᠯᠠᠨ᠎ᠠ》 ᠭᠡᠰᠡᠨ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠦᠵᠡᠯ ᠰᠠᠨᠠᠭ᠎ᠠ᠂ ᠵᠠᠷᠴᠢᠮ ᠢ ᠪᠥᠷᠢᠨ ᠠᠯᠳᠠᠭᠳᠠᠭᠤᠯᠵᠤ᠂ ᠤᠯᠤᠰ ᠤᠨ ᠶᠡᠬᠡ ᠬᠤᠷᠠᠯ ᠤᠨ ᠭᠡᠰᠢᠭᠦᠳ ᠡᠴᠡ ᠪᠦᠷᠢᠯᠳᠦᠳᠡᠭ ᠲᠥᠷᠦ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠢᠢᠨ ᠦᠢᠯᠡ ᠠᠵᠢᠯᠯᠠᠭᠠᠨ ᠳᠤ ᠢᠲᠡᠭᠡᠬᠦ ᠢᠷᠭᠡᠳ᠂ ᠣᠯᠠᠨ ᠨᠡᠢᠢᠲᠡ ᠢᠢᠨ ᠢᠲᠡᠭᠡᠯ᠂ ᠳᠡᠮᠵᠢᠯᠭᠡ ᠢᠢ ᠦᠭᠡᠢ ᠪᠣᠯᠭᠠᠨ᠂ ᠴᠢᠨᠠᠭᠰᠢᠳᠠ 3 ᠳ᠋ᠠᠬᠢ᠂ 4 ᠳ᠋ᠡᠬᠢ ᠵᠠᠰᠠᠭ ᠤᠨ ᠭᠠᠵᠠᠷ ᠢ ᠪᠠᠢᠢᠭᠤᠯᠤᠨ ᠠᠵᠢᠯᠯᠠᠭᠤᠯᠤᠭᠰᠠᠨ ᠴᠤ ᠤᠯᠤᠰ ᠣᠷᠣᠨ ᠬᠥᠭ᠍ᠵᠢᠵᠦ᠂ ᠦᠷ᠎ᠡ ᠳ᠋ᠦᠩ ᠳᠥ ᠬᠦᠷᠦᠨ᠎ᠡ ᠭᠡᠰᠡᠨ ᠪᠠᠲᠤᠯᠠᠭ᠎ᠠ ᠦᠭᠡᠢ ᠪᠣᠯᠭᠠᠵᠤ ᠪᠠᠢᠢᠨ᠎ᠠ᠃

 

ᠮᠣᠩ᠋ᠭᠣᠯ ᠤᠯᠤᠰ ᠤᠨ ᠦᠨᠳᠦᠰᠦᠨ ᠬᠠᠤᠯᠢ ᠪᠠᠷ ᠵᠠᠰᠠᠭ ᠤᠨ ᠪᠦᠬᠦ ᠡᠷᠬᠡ ᠠᠷᠠᠳ ᠲᠦᠮᠡᠨ ᠦ ᠮᠡᠳᠡᠯ ᠳᠥ ᠪᠠᠢᠢᠨ᠎ᠠ ᠭᠡᠳᠡᠭ ᠢ ᠲᠤᠩ᠋ᠬᠠᠭᠯᠠᠨ ᠪᠠᠲᠤᠯᠠᠭᠠᠵᠢᠭᠤᠯᠤᠭᠰᠠᠨ᠃ ᠢᠷᠭᠡᠳ ᠦᠨ ᠰᠣᠩ᠋ᠭᠣᠯᠲᠠ ᠢᠢᠨ ᠦᠷ᠎ᠡ ᠳ᠋ᠦᠩ ᠳᠥ ᠪᠠᠢᠢᠭᠤᠯᠤᠭᠳᠠᠳᠠᠭ ᠲᠥᠷᠦ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠠᠷᠠᠳ ᠢᠷᠭᠡᠳ ᠦᠨ ᠢᠶᠡᠨ ᠢᠲᠡᠭᠡᠯ᠂ ᠳᠡᠮᠵᠢᠯᠭᠡ ᠢᠢ ᠢᠯᠡᠳᠲᠡ ᠠᠯᠠᠳᠠᠭᠰᠠᠨ ᠡᠢᠢᠮᠦ ᠪᠣᠳᠠᠲᠠᠢ ᠲᠣᠬᠢᠶᠠᠯᠳᠤᠯ ᠳᠤ ᠪᠥᠷᠢᠨ ᠡᠷᠬᠡ ᠪᠡᠨ ᠴᠢᠨᠡᠭ᠌ᠰᠢ ᠬᠡᠷᠡᠭᠵᠢᠭᠦᠯᠵᠦ ᠠᠵᠢᠯᠯᠠᠬᠤ ᠪᠣᠯᠤᠮᠵᠢ ᠦᠭᠡᠢ ᠶᠤᠮ᠃

 

ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠬᠣᠷᠢᠨ ᠬᠣᠶᠠᠳᠤᠭᠠᠷ ᠵᠦᠢᠯ ᠦᠨ 2 ᠳ᠋ᠠᠬᠢ ᠬᠡᠰᠡᠭ ᠲᠥ 《ᠤᠯᠤᠰ ᠤᠨ ᠶᠡᠬᠡ ᠬᠤᠷᠠᠯ ᠪᠥᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠨᠡᠢᠢᠲᠡ ᠭᠡᠰᠢᠭᠦᠨ ᠦ ᠭᠤᠷᠪᠠᠨ ᠤ ᠬᠣᠶᠠᠷ ᠠᠴᠠ ᠳᠣᠭᠣᠭᠰᠢ ᠦᠭᠡᠢ ᠨᠢ ᠦᠵᠡᠭᠰᠡᠨ ᠢᠶᠡᠷ ᠪᠤᠶᠤ ᠡᠰᠡᠬᠦᠯ᠎ᠡ ᠮᠥᠨ ᠬᠦ ᠰᠢᠯᠲᠠᠭᠠᠨ ᠢᠶᠠᠷ ᠶᠡᠷᠦᠩᠬᠡᠢᠢᠯᠡᠭᠴᠢ ᠤᠯᠤᠰ ᠤᠨ ᠶᠡᠬᠡ ᠬᠤᠷᠠᠯ ᠤᠨ ᠳᠠᠷᠤᠭ᠎ᠠ ᠲᠠᠢ ᠵᠥᠪᠰᠢᠯᠴᠡᠨ ᠰᠠᠨᠠᠯ ᠪᠣᠯᠭᠠᠭᠰᠠᠨ ᠢᠶᠠᠷ ᠥᠪᠡᠷ ᠢᠶᠡᠨ ᠲᠠᠷᠠᠬᠤ ᠰᠢᠢᠳᠪᠦᠷᠢ ᠭᠠᠷᠭᠠᠵᠤ ᠪᠣᠯᠤᠨ᠎ᠠ》᠂ ᠲᠥᠷᠦ ᠢᠢᠨ ᠪᠠᠢᠢᠭᠤᠯᠤᠯ᠂ ᠤᠯᠤᠰ ᠣᠷᠣᠨ ᠤ ᠤᠳᠤᠷᠢᠳᠤᠯᠭ᠎ᠠ ᠢᠢᠨ ᠲᠠᠯ᠎ᠠ ᠪᠠᠷ ᠬᠡᠷᠡᠭᠵᠢᠭᠦᠯᠬᠦ ᠶᠡᠷᠦᠩᠬᠡᠢᠢᠯᠡᠭᠴᠢ ᠢᠢᠨ ᠪᠥᠷᠢᠨ ᠡᠷᠬᠡ ᠢᠢ ᠲᠣᠳᠣᠷᠬᠠᠢᠢᠯᠠᠭᠰᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 12 ᠳ᠋ᠤᠭᠠᠷ ᠵᠦᠢᠯ ᠦᠨ 11 ᠳ᠋ᠡᠬᠢ ᠬᠡᠰᠡᠭ ᠲᠥ 《ᠤᠯᠤᠰ ᠤᠨ ᠶᠡᠬᠡ ᠬᠤᠷᠠᠯ ᠪᠥᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠦᠵᠡᠵᠦ ᠥᠪᠡᠷ ᠢᠶᠡᠨ ᠲᠠᠷᠠᠬᠤ ᠰᠢᠢᠳᠪᠦᠷᠢ ᠭᠠᠷᠭᠠᠬᠤ ᠢᠢ ᠤᠯᠤᠰ ᠤᠨ ᠶᠡᠬᠡ ᠬᠤᠷᠠᠯ ᠳᠤ ᠰᠠᠨᠠᠯ ᠪᠣᠯᠭᠠᠬᠤ ᠲᠤᠬᠠᠢ ᠢᠢ ᠪᠠᠨ ᠵᠥᠪᠰᠢᠯᠴᠡᠬᠦ ᠪᠡᠷ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠠᠯᠪᠠᠨ ᠶᠣᠰᠣᠭᠠᠷ ᠮᠡᠳᠡᠭᠳᠡᠨ᠎ᠡ᠃ ᠤᠯᠤᠰ ᠤᠨ ᠶᠡᠬᠡ ᠬᠤᠷᠠᠯ ᠤᠨ ᠳᠠᠷᠤᠭ᠎ᠠ ᠤᠤᠯ ᠰᠠᠨᠠᠯ ᠢ ᠵᠥᠪᠰᠢᠶᠡᠷᠡᠭᠡ ᠦᠭᠡᠢ ᠨᠢ ᠶᠡᠷᠦᠩᠬᠡᠢᠢᠯᠡᠭᠴᠢ ᠰᠠᠨᠠᠯ᠎ ᠢᠢᠠᠨ ᠤᠯᠤᠰ ᠤᠨ ᠶᠡᠬᠡ ᠬᠤᠷᠠᠯ ᠳᠤ ᠣᠷᠣᠭᠤᠯᠬᠤ ᠳᠤ ᠰᠠᠭᠠᠳ ᠪᠣᠯᠬᠤ ᠦᠭᠡᠢ》 ᠭᠡᠵᠦ ᠲᠤᠰ ᠲᠤᠰ ᠵᠢᠭᠠᠭᠰᠠᠨ᠃

 

ᠡᠢᠢᠮᠦ ᠳᠥ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠦᠵᠡᠵᠦ ᠥᠪᠡᠷ ᠢᠶᠡᠨ ᠲᠠᠷᠠᠬᠤ ᠰᠢᠢᠳᠪᠦᠷᠢ ᠭᠠᠷᠭᠠᠬᠤ ᠢᠢ ᠤᠯᠤᠰ ᠤᠨ ᠶᠡᠬᠡ ᠬᠤᠷᠠᠯ ᠳᠤ ᠰᠠᠨᠠᠯ ᠪᠣᠯᠭᠠᠬᠤ ᠲᠤᠬᠠᠢ ᠠᠰᠠᠭᠤᠳᠠᠯ ᠢ ᠵᠥᠪᠰᠢᠯᠴᠡᠬᠦ ᠪᠡᠷ ᠬᠦᠷᠭᠡᠭᠦᠯᠵᠦ ᠪᠠᠢᠢᠨ᠎ᠠ᠃

 

ᠰᠤᠳᠤᠯᠤᠨ ᠦᠵᠡᠵᠦ᠂ ᠰᠠᠨᠠᠯ᠎ᠠ ᠢᠷᠡᠭᠦᠯᠦᠨ᠎ᠡ ᠦᠦ》 ᠭᠡᠵᠡᠢ᠃