Та "Internet explorer"-ийн сүүлийн хувилбар болох "Microsoft edge"-г ашиглана уу

Хэрэв "Microsoft edge"-г татах бол энд дарж татаж авна уу

ᠺᠦᠸᠧᠶᠢᠲ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠺᠦᠸᠧᠶᠢᠲ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠣᡁᠠᠮᠮᠠᠳ᠋ ᠹᠠᠶᠢᠰᠠᠯ ᠠᠯᠢ-ᠮᠤᠢᠲ᠋ᠠᠢᠢᠷᠢ ᠥᠨᠥᠳᠥᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠨᠣᠶᠠᠨ ᠡᠯᠴᠢᠨ ᠰᠠᠶᠢᠳ ᠡᠯᠴᠢᠨ ᠰᠠᠶᠢᠳ ᠮᠣᡁᠠᠮᠮᠠᠳ᠋ ᠹᠠᠶᠢᠰᠠᠯ ᠠᠯᠢ-ᠮᠤᠢᠲ᠋ᠠᠢᠢᠷᠢ ᠶᠠᠭᠤᠨ ᠲᠦᠷᠦᠭᠦᠨ ᠳᠥ ᠺᠦᠸᠧᠶᠢᠲ ᠤᠯᠤᠰ ᠤᠨ ᠡᠷᠬᠢᠮ ᠳᠡᠭᠡᠳᠦ ᠧᠮᠢᠷ ᠰᠠᠪᠠᡁ ᠠᠯᠢ-ᠠᡁᠠᠮᠠᠳ᠋ ᠠᠯᠢ-ᠵᠠᠪᠧᠷ ᠠᠯᠢ-ᠰᠠᠪᠠᡁ ᠤᠨ ᠬᠠᠯᠠᠭᠤᠨ ᠳᠣᠲᠣᠨᠣ ᠮᠡᠨᠳᠦᠴᠢᠯᠡᠭᠡ ᠶᠢ ᠳᠠᠮᠵᠢᠭᠤᠯᠵᠤ᠂ ᠮᠣᠩ᠋ᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠨ ᠢᠷᠡᠭᠰᠡᠨ ᠳᠥ ᠪᠡᠨ ᠪᠠᠶᠠᠷᠲᠠᠢ ᠪᠤᠢ ᠶᠢ ᠪᠠᠨ ᠢᠯᠡᠷᠬᠡᠶᠢᠯᠡᠯ᠎ᠡ᠃

 

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠺᠦᠸᠧᠶᠢᠲ ᠤᠯᠤᠰ ᠠᠴᠠ ᠮᠣᠩ᠋ᠭᠣᠯ ᠤᠯᠤᠰ ᠲᠤ ᠰᠠᠭᠤᠵᠤ ᠪᠠᠶᠢᠭᠰᠠᠨ ᠡᠮᠦᠨᠡᠬᠢ ᠡᠯᠴᠢᠨ ᠰᠠᠶᠢᠳ ᠲᠠᠢ ᠣᠯᠠᠨ ᠤᠳᠠᠭ᠎ᠠ ᠠᠭᠤᠯᠵᠠᠬᠤ ᠳᠤ ᠪᠠᠨ ᠵᠠᠷᠢᠮ ᠲᠥᠰᠦᠯ ᠬᠥᠲᠦᠯᠪᠦᠷᠢ ᠨᠦᠭᠦᠳ ᠢ ᠬᠡᠷᠡᠭᠵᠢᠭᠦᠯᠬᠦ ᠪᠡᠷ ᠨᠠᠭᠠᠰᠢ ᠲᠠᠢ ᠪᠠᠷ ᠶᠠᠷᠢᠯᠴᠠᠭᠰᠠᠨ ᠲᠠᠯ᠎ᠠ ᠪᠠᠷ ᠬᠡᠯᠡᠵᠦ᠂ ᠡᠯᠴᠢᠨ ᠰᠠᠶᠢᠳ ᠮᠣᡁᠠᠮᠮᠠᠳ᠋ ᠹᠠᠶᠢᠰᠠᠯ ᠠᠯᠢ-ᠮᠤᠢᠲ᠋ᠠᠢᠢᠷᠢ ᠲᠠᠢ ᠴᠤ ᠭᠡᠰᠡᠨ ᠬᠣᠶᠠᠷ ᠤᠯᠤᠰ ᠤᠨ ᠤᠯᠤᠰ ᠲᠥᠷᠦ᠂ ᠨᠡᠶᠢᠭᠡᠮ᠂ ᠡᠳ᠋ ᠍ ᠦᠨ ᠵᠠᠰᠠᠭ ᠢ ᠥᠷᠭᠡᠵᠢᠭᠦᠯᠬᠦ ᠶᠢᠨ ᠲᠤᠯᠠᠳᠠ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠯ᠎ᠡ᠃

 

ᠲᠤᠬᠠᠶᠢᠯᠠᠪᠠᠯ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠺᠦᠸᠧᠶᠢᠲ ᠤᠨ ᠰᠠᠩ ᠠᠴᠠ ᠣᠯᠭᠣᠭᠳᠠᠳᠠᠭ ᠰᠠᠩᠬᠦᠦ ᠶᠢᠨ ᠳᠡᠮᠵᠢᠯᠭᠡ ᠶᠢ ᠢᠯᠡᠭᠦᠦ ᠬᠡᠷᠡᠭᠴᠡᠭᠡ ᠲᠡᠢ ᠲᠥᠰᠦᠯ᠂ ᠬᠥᠲᠦᠯᠪᠦᠷᠢ ᠤᠷᠤᠭᠤ᠂ ᠵᠣᠷᠢᠭᠤᠯᠤᠯᠲᠠ ᠶᠢᠨ ᠬᠢ ᠨᠢ ᠳᠠᠭᠠᠭᠤ ᠠᠰᠢᠭᠯᠠᠬᠤ ᠠᠰᠠᠭᠤᠳᠠᠯ ᠳᠤ ᠠᠩ᠋ᠬᠠᠷᠴᠤ ᠪᠤᠢ ᠶᠢ ᠪᠠᠨ ᠬᠡᠯᠡᠵᠦ᠂ ᠣᠶᠢᠷ᠎ᠠ ᠶᠢᠨ ᠬᠤᠭᠤᠴᠠᠭᠠᠨ ᠳᠤ ᠮᠣᠩ᠋ᠭᠣᠯ- ᠺᠦᠸᠧᠶᠢᠲ ᠤᠨ ᠰᠤᠳᠤᠯᠭᠠᠨ ᠤ ᠲᠥᠪ ᠦᠨ ᠠᠰᠠᠭᠤᠳᠠᠯ ᠢᠶᠠᠷ ᠳᠠᠬᠢᠨ ᠠᠭᠤᠯᠵᠠᠬᠤ ᠪᠠᠷ ᠲᠣᠬᠢᠷᠠᠯᠴᠠᠪᠠ᠃

 

ᠨᠣᠶᠠᠨ ᠡᠯᠴᠢᠨ ᠰᠠᠶᠢᠳ ᠮᠣᡁᠠᠮᠮᠠᠳ᠋ ᠹᠠᠶᠢᠰᠠᠯ ᠠᠯᠢ-ᠮᠤᠢᠲ᠋ᠠᠢᠢᠷᠢ ᠥᠪᠡᠷ ᠦᠨ ᠡᠭᠦᠷᠭᠡ ᠪᠡᠨ ᠤᠬᠠᠮᠰᠠᠷᠯᠠᠵᠤ᠂ ᠬᠣᠶᠠᠷ ᠤᠯᠤᠰ ᠤᠨ ᠪᠦᠬᠦᠢ ᠯᠠ ᠲᠦᠪᠰᠢᠨ ᠦ ᠬᠠᠷᠢᠯᠴᠠᠭ᠎ᠠ ᠶᠢ ᠥᠷᠭᠡᠵᠢᠭᠦᠯᠬᠦ ᠶᠢᠨ ᠲᠤᠯᠠᠳᠠ ᠬᠢᠴᠢᠶᠡᠯ ᠵᠢᠳᠬᠦᠯ ᠭᠠᠷᠭᠠᠨ ᠠᠵᠢᠯᠯᠠᠬᠤ ᠪᠠᠨ ᠬᠡᠯᠡᠵᠦ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢᠨ ᠠᠵᠢᠯ᠂ ᠬᠡᠷᠡᠭᠴᠢ ᠪᠦᠬᠦᠢ ᠯᠠ ᠰᠠᠨᠠᠯ ᠢ ᠲᠠᠭᠠᠲᠠᠢ ᠬᠦᠯᠢᠶᠡᠨ ᠠᠪᠴᠤ᠂ ᠬᠠᠮᠲᠤᠷᠠᠨ ᠠᠵᠢᠯᠯᠠᠨ᠎ᠠ ᠭᠡᠳᠡᠭ ᠢᠶᠡᠨ ᠢᠯᠡᠷᠬᠡᠶᠢᠯᠡᠯ᠎ᠡ᠃