ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠧᠦ᠋ᠷᠣᠫᠠ ᠢᠢᠨ ᠬᠣᠯᠪᠣᠭᠠᠨ ᠤ ᠣᠷᠣᠨ ᠨᠤᠭᠤᠳ ᠤᠨ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠧᠦ᠋ᠷᠣᠫᠠ ᠢᠢᠨ ᠬᠣᠯᠪᠣᠭ᠎ᠠ᠂ ᠲᠡᠭᠦᠨ ᠦ ᠭᠡᠰᠢᠭᠦᠨ ᠣᠷᠣᠨ ᠨᠤᠭᠤᠳ ᠠᠴᠠ ᠮᠣᠩ᠋ᠭᠣᠯ ᠤᠯᠤᠰ ᠲᠤ ᠰᠠᠭᠤᠷᠢᠨ ᠪᠣᠯᠤᠨ ᠬᠠᠪᠰᠤᠷᠤᠨ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠪᠠ᠃

 

ᠡᠨᠡᠬᠦ ᠠᠭᠤᠯᠵᠠᠯᠲᠠ ᠨᠢ ᠵᠢᠯ ᠪᠦᠷᠢ ᠪᠣᠯᠳᠠᠭ ᠪᠥᠭᠡᠳ ᠡᠨᠡ ᠵᠢᠯ ᠦᠨ ᠠᠭᠤᠯᠵᠠᠯᠲᠠ ᠳᠤ ᠧᠦ᠋ᠷᠣᠫᠠ ᠢᠢᠨ ᠬᠣᠯᠪᠣᠭ᠎ᠠ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ᠂ ᠪᠦᠭᠦᠳᠡ ᠨᠠᠢᠢᠷᠠᠮᠳᠠᠬᠤ ᠢᠲ᠋ᠠᠯᠢ ᠤᠯᠤᠰ᠂ ᠪᠦᠭᠦᠳᠡ ᠨᠠᠢᠢᠷᠠᠮᠳᠠᠬᠤ ᠠᠦᠢᠰᠲ᠋ᠷᠢ ᠤᠯᠤᠰ᠂ ᠨᠢᠳᠧᠷᠯᠠᠨ᠋ᠳ᠋ ᠍ ᠤᠨ ᠬᠠᠭᠠᠨᠲᠤ ᠤᠯᠤᠰ ᠵᠡᠷᠭᠡ 21 ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ᠂ ᠮᠥᠨ ᠧᠦ᠋ᠷᠣᠫᠠ ᠢᠢᠨ ᠬᠣᠯᠪᠣᠭᠠᠨ ᠤ ᠪᠤᠰᠤᠳ ᠣᠷᠣᠨ ᠨᠤᠭᠤᠳ ᠤᠨ ᠡᠯᠴᠢᠨ ᠰᠠᠢᠢᠳ ᠤᠨ ᠶᠠᠮᠤᠨ ᠤ ᠲᠥᠯᠥᠭᠡᠯᠡᠯ ᠣᠷᠣᠯᠴᠠᠭᠰᠠᠨ ᠶᠤᠮ᠃

 

ᠧᠦ᠋ᠷᠣᠫᠠ ᠢᠢᠨ ᠬᠣᠯᠪᠣᠭᠠᠨ ᠤ ᠣᠷᠣᠨ ᠨᠤᠭᠤᠳ ᠤᠨ ᠡᠯᠴᠢᠨ ᠰᠠᠢᠢᠳ ᠨᠠᠷ ᠢ ᠲᠥᠯᠦᠭᠡᠯᠡᠨ ᠧᠦ᠋ᠷᠣᠫᠠ ᠢᠢᠨ ᠬᠣᠯᠪᠣᠭᠠᠨ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠲᠷᠠᠶᠠᠨ ᠯᠠᠤᠢᠷᠧᠨ᠋ᠼᠶᠤ ᠾᠷᠢᠰᠲ᠋ᠧᠠ ᠦᠭᠡ ᠬᠡᠯᠡᠵᠦ᠂ ᠧᠦ᠋ᠷᠣᠫᠠ ᠢᠢᠨ ᠬᠣᠯᠪᠣᠭᠠᠨ ᠤ ᠵᠦᠭ ᠡᠴᠡ ᠬᠣᠶᠠᠷ ᠲᠠᠯ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠠᠩ᠋ᠬᠠᠷᠤᠯ ᠬᠠᠨᠳᠤᠭᠤᠯᠤᠨ ᠠᠵᠢᠯᠯᠠᠵᠤ ᠪᠤᠢ ᠢᠢ ᠲᠡᠮᠳᠡᠭᠯᠡᠪᠡ᠃ ᠧᠦ᠋ᠷᠣᠫᠠ ᠢᠢᠨ ᠬᠣᠯᠪᠣᠭᠠᠨ ᠤ ᠣᠷᠣᠨ ᠨᠤᠭᠤᠳ ᠤᠨ ᠡᠯᠴᠢᠨ ᠰᠠᠢᠢᠳ ᠨᠠᠷ ᠬᠣᠶᠠᠷ ᠲᠠᠯ᠎ᠠ ᠢᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠮᠣᠩ᠋ᠭᠣᠯ ᠤᠯᠤᠰ ᠤᠨ ᠡᠳ᠋ ᠍ ᠦᠨ ᠵᠠᠰᠠᠭ ᠢ ᠲᠥᠷᠦᠯᠵᠢᠭᠦᠯᠬᠦ ᠴᠢᠭᠯᠡᠯ ᠢᠶᠡᠷ ᠪᠣᠯᠤᠨ 2017 ᠣᠨ ᠤ 11 ᠳᠦᠭᠡᠷ ᠰᠠᠷ᠎ᠠ ᠢᠢᠨ 1 ᠍ ᠡᠴᠡ ᠬᠦᠴᠦᠨ ᠲᠡᠭᠦᠯᠳᠡᠷ ᠬᠡᠷᠡᠭᠵᠢᠵᠦ ᠡᠬᠢᠯᠡᠭᠰᠡᠨ ᠧᠦ᠋ᠷᠣᠫᠠ ᠢᠢᠨ ᠬᠣᠯᠪᠣᠭ᠎ᠠ᠂ ᠮᠣᠩ᠋ᠭᠣᠯ ᠤᠯᠤᠰ ᠬᠣᠭᠣᠷᠣᠨᠳᠣ ᠢᠢᠨ ᠲᠦᠩᠰᠢᠯᠡᠯ᠂ ᠬᠠᠮᠲᠤ ᠢᠢᠨ ᠠᠵᠢᠯᠯᠠᠭᠠᠨ ᠤ ᠬᠡᠯᠡᠯᠴᠡᠭᠡᠷ ᠦᠨ ᠬᠦᠷᠢᠶᠡᠨ ᠳᠥ ᠬᠢᠴᠢᠶᠡᠯ ᠵᠢᠳᠬᠦᠯ ᠭᠠᠷᠭᠠᠨ ᠠᠵᠢᠯᠯᠠᠬᠤ ᠢᠢ ᠡᠯᠴᠢᠨ ᠰᠠᠢᠢᠳ ᠲᠷᠠᠶᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠯᠠᠮᠵᠢᠯᠠᠪᠠ᠃ ᠮᠥᠨ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠵᠦᠭ ᠡᠴᠡ ᠬᠥᠷᠥᠩᠭᠡ ᠣᠷᠣᠭᠤᠯᠤᠯᠲᠠ ᠢᠢᠨ ᠢᠯᠡ ᠲᠣᠳᠣ ᠪᠠᠢᠢᠳᠠᠯ᠂ ᠣᠷᠴᠢᠨ ᠢ ᠰᠠᠢᠢᠵᠢᠷᠠᠭᠤᠯᠬᠤ ᠴᠢᠭᠯᠡᠯ ᠢᠶᠡᠷ ᠦᠷᠭᠦᠯᠵᠢᠯᠡᠭᠦᠯᠦᠨ ᠠᠵᠢᠯᠯᠠᠬᠤ ᠬᠡᠷᠡᠭᠲᠡᠢ ᠢᠢ ᠣᠨᠴᠠᠯᠠᠭᠠᠳ᠂ ᠬᠣᠶᠠᠷ ᠲᠠᠯ᠎ᠠ ᠢᠢᠨ ᠶᠠᠷᠢᠶ᠎ᠠ ᠬᠡᠯᠡᠯᠴᠡᠭᠡ᠂ ᠬᠠᠮᠲᠤ ᠢᠢᠨ ᠠᠵᠢᠯᠯᠠᠭ᠎ᠠ ᠢᠢ ᠬᠡᠷᠡᠭᠵᠢᠭᠦᠯᠬᠦ ᠳᠥ ᠲᠤᠭᠤᠰᠢᠲᠠᠢ ᠠᠵᠢᠯᠯᠠᠬᠤ ᠢᠢ ᠬᠦᠰᠡᠯ᠎ᠡ᠃

 

ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠨᠠᠷ ᠤᠨ ᠰᠣᠨᠢᠷᠬᠠᠭᠰᠠᠨ ᠠᠰᠠᠭᠤᠯᠲᠠ ᠳᠤ ᠬᠠᠷᠢᠭᠤᠯᠵᠤ᠂ ᠮᠣᠩ᠋ᠭᠣᠯ ᠤᠯᠤᠰ ᠤᠨ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠬᠥᠭ᠍ᠵᠢᠯ᠂ ᠬᠡᠷᠡᠭᠵᠢᠭᠦᠯᠵᠦ ᠪᠤᠢ ᠪᠣᠳᠣᠯᠭ᠎ᠠ᠂ ᠬᠢᠵᠦ ᠪᠤᠢ ᠠᠵᠢᠯ ᠤᠳ ᠤᠨ ᠬᠦᠷᠢᠶᠡᠨ ᠳᠥ ᠰᠠᠨᠠᠯ ᠪᠣᠳᠣᠯ ᠢᠶᠠᠨ ᠰᠤᠯᠢᠯᠴᠠᠪᠠ᠃ ᠲᠤᠬᠠᠢᠢᠯᠠᠪᠠᠯ᠂ ᠧᠦ᠋ᠷᠣᠫᠠ ᠢᠢᠨ ᠣᠷᠣᠨ ᠨᠤᠭᠤᠳ ᠠᠴᠠ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠨᠠᠷᠢᠨ ᠮᠡᠷᠭᠡᠵᠢᠯᠲᠡᠨ ᠨᠦᠭᠦᠳ ᠢ ᠮᠣᠩ᠋ᠭᠣᠯ ᠳᠤ ᠤᠷᠢᠵᠤ ᠠᠵᠢᠯᠯᠠᠭᠤᠯᠬᠤ᠂ ᠲᠤᠷᠰᠢᠯᠭ᠎ᠠ ᠰᠣᠯᠢᠯᠴᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠰᠣᠨᠢᠷᠬᠠᠯᠲᠠᠢ ᠪᠠᠢᠢᠳᠠᠭ ᠢᠶᠠᠨ ᠢᠯᠡᠷᠬᠡᠢᠢᠯᠡᠯ᠎ᠡ᠃ ᠲᠡᠭᠦᠨᠴᠢᠯᠡᠨ᠂ ᠢᠷᠡᠬᠦ ᠣᠨ ᠳᠤ ᠲᠣᠬᠢᠶᠠᠬᠤ ᠮᠣᠩ᠋ᠭᠣᠯ ᠤᠯᠤᠰ᠂ ᠧᠦ᠋ᠷᠣᠫᠠ ᠢᠢᠨ ᠬᠣᠯᠪᠣᠭᠠᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢ ᠦᠷ᠎ᠡ ᠳ᠋ᠦᠩ ᠲᠡᠢ᠂ ᠪᠦᠲᠦᠭᠡᠯᠴᠢ ᠪᠡᠷ ᠲᠡᠮᠳᠡᠭᠯᠡᠨ ᠥᠩᠭᠡᠷᠡᠭᠦᠯᠬᠦ ᠢᠢᠨ ᠴᠢᠬᠤᠯᠠ ᠢᠢ ᠣᠨᠴᠠᠯᠠᠨ ᠲᠡᠮᠳᠡᠭᠯᠡᠭᠰᠡᠨ ᠶᠤᠮ᠃

 

ᠠᠭᠤᠯᠵᠠᠯᠲᠠ ᠢᠢᠨ ᠲᠡᠭᠦᠰᠬᠡᠯ ᠳᠥ ᠡᠯᠴᠢᠨ ᠰᠠᠢᠢᠳ ᠨᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠦᠯᠢᠶᠡᠨ ᠠᠪᠴᠤ ᠠᠭᠤᠯᠵᠠᠵᠤ᠂ ᠨᠡᠭᠡᠭᠡᠯᠲᠡ ᠲᠡᠢ ᠶᠠᠷᠢᠯᠴᠠᠯᠭ᠎ᠠ ᠥᠷᠨᠢᠭᠦᠯᠦᠭᠰᠡᠨ ᠳᠥ ᠨᠢ ᠲᠠᠯᠠᠷᠬᠠᠯ ᠢᠯᠡᠷᠬᠡᠢᠢᠯᠡᠭᠡᠳ᠂ ᠤᠯᠠᠮᠵᠢᠯᠠᠯ ᠪᠣᠯᠤᠨ ᠵᠣᠬᠢᠶᠠᠨ ᠪᠠᠢᠢᠭᠤᠯᠤᠭᠳᠠᠵᠤ ᠪᠤᠢ ᠤᠭ ᠠᠭᠤᠯᠵᠠᠯᠲᠠ ᠴᠢᠨᠠᠭᠰᠢᠳᠠ ᠦᠷᠭᠦᠯᠵᠢᠯᠡᠵᠦ᠂ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠪᠦᠬᠦᠢ ᠯᠠ ᠲᠦᠪᠰᠢᠨ ᠳᠥ ᠪᠡᠬᠢᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠪᠡ᠃