Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠳ᠋ᠢᠫᠯᠣᠮᠠᠲ ᠴᠣᠯᠠ ᠣᠯᠭᠤᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠳ᠋ᠢᠫᠯᠣᠮᠠᠲ ᠴᠣᠯᠠ ᠣᠯᠭᠣᠬᠤ ᠲᠤᠬᠠᠢ》 ᠵᠠᠷᠯᠢᠭ ᠭᠠᠷᠭᠠᠵᠤ᠂ ᠭᠠᠳᠠᠭᠠᠳᠤ ᠬᠠᠷᠢᠯᠴᠠᠭᠠᠨ ᠤ ᠰᠠᠯᠪᠤᠷᠢ ᠳᠤ ᠣᠯᠠᠨ ᠵᠢᠯ ᠦᠷ᠎ᠡ ᠪᠦᠲᠦᠭᠡᠯ᠂ ᠢᠳᠡᠪᠬᠢ ᠰᠠᠨᠠᠭᠠᠴᠢᠯᠭ᠎ᠠ ᠲᠠᠢ ᠠᠵᠢᠯᠯᠠᠵᠤ᠂ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠵᠣᠷᠢᠯᠲᠠ ᠨᠤᠭᠤᠳ ᠢ ᠬᠡᠷᠡᠭᠵᠢᠭᠦᠯᠬᠦ ᠳᠥ ᠣᠷᠣᠭᠤᠯᠤᠭᠰᠠᠨ ᠪᠣᠳᠠᠲᠤ ᠬᠤᠪᠢ ᠨᠡᠮᠡᠷᠢ ᠢᠢ ᠥᠨᠳᠥᠷ ᠢᠶᠡᠷ ᠦᠨᠡᠯᠡᠵᠦ᠄

 

ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠴᠣᠯᠠ ᠢᠢ

ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠣᠰ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠯᠣᠳᠤᠢᠢᠳᠠᠮᠪᠠ ᠢᠢᠨ ᠭᠠᠯᠪᠠᠳᠠᠷᠠᠬᠤ

ᠤᠯᠤᠰ ᠤᠨ ᠶᠡᠬᠡ ᠬᠤᠷᠠᠯ ᠤᠨ ᠭᠡᠰᠢᠭᠦᠨ᠂ ᠭᠠᠳᠠᠭᠠᠳᠤ ᠬᠠᠷᠢᠯᠴᠠᠭᠠᠨ ᠤ ᠰᠠᠢᠢᠳ ᠳᠠᠮᠳᠢᠨ ᠤ ᠴᠣᠭᠲᠤᠪᠠᠭᠠᠲᠤᠷ ᠨᠠᠷ ᠲᠤ

 

ᠣᠨᠴᠠ ᠪᠥᠭᠡᠳ ᠪᠦᠷᠢᠨ ᠡᠷᠬᠡᠲᠦ ᠡᠯᠴᠢᠨ ᠴᠣᠯᠠ ᠢᠢ

ᠮᠣᠩ᠋ᠭᠣᠯ ᠤᠯᠤᠰ ᠠᠴᠠ ᠠᠦᠢᠰᠲᠷᠠᠯᠢᠶ᠎ᠠ ᠢᠢᠨ ᠬᠣᠯᠪᠣᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠠᠲᠤᠯᠠᠢ ᠢᠢᠨ ᠴᠢᠯᠠᠭᠤᠨᠬᠦᠦ᠂

ᠮᠣᠩ᠋ᠭᠣᠯ ᠤᠯᠤᠰ ᠠᠴᠠ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠪᠠᠢᠢᠩ᠋ᠭᠤ ᠢᠢᠨ ᠲᠥᠯᠦᠭᠡᠯᠡᠭᠴᠢ ᠢᠢᠨ ᠭᠠᠵᠠᠷ ᠰᠠᠭᠤᠭ᠎ᠠ ᠪᠠᠢᠢᠩ᠋ᠭᠤ ᠢᠢᠨ ᠲᠥᠯᠦᠭᠡᠯᠡᠭᠴᠢ᠂ ᠡᠯᠴᠢᠨ ᠰᠠᠢᠢᠳ ᠰᠦᠬᠡ ᠡ ᠢᠢᠨ ᠰᠦᠬᠡᠪᠣᠯᠤᠳ ᠨᠠᠷᠠᠲᠤ ᠭᠠᠷᠳᠠᠭᠤᠯᠤᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳ᠋ᠢᠫᠯᠣᠮᠠᠲ ᠴᠣᠯᠠ ᠣᠯᠭᠤᠭᠰᠠᠨ ᠤ ᠳᠠᠷᠠᠭ᠎ᠠ ᠦᠭᠡ ᠬᠡᠯᠡᠪᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄

ᠲᠠ ᠪᠦᠬᠦᠨ ᠦ ᠡᠳᠦᠷ ᠦᠨ ᠠᠮᠤᠭᠤᠯᠠᠩ ᠢ ᠠᠢᠢᠯᠠᠳᠬᠠᠶ᠎ᠠ᠃

 

ᠥᠨᠥᠳᠥᠷ ᠮᠣᠩ᠋ᠭᠣᠯ ᠤᠯᠤᠰ ᠲᠤ ᠣᠷᠴᠢᠨ ᠦᠶ᠎ᠡ ᠢᠢᠨ ᠳ᠋ᠢᠫᠯᠣᠮᠠᠲ ᠠᠯᠪᠠ ᠡᠭᠦᠰᠬᠡᠨ ᠪᠠᠢᠢᠭᠤᠯᠤᠭᠳᠠᠭᠰᠠᠨ ᠤ 107 ᠵᠢᠯ ᠦᠨ ᠣᠢ ᠢᠢ ᠲᠣᠬᠢᠶᠠᠯᠳᠤᠭᠤᠯᠤᠨ ᠳ᠋ᠢᠫᠯᠣᠮᠠᠲ ᠠᠯᠪᠠᠨ ᠳᠤ ᠣᠯᠠᠨ ᠵᠢᠯ ᠢᠳᠡᠪᠬᠢ ᠵᠢᠳᠬᠦᠯ᠂ ᠦᠷ᠎ᠡ ᠪᠦᠲᠦᠭᠡᠯ ᠲᠡᠢ ᠠᠵᠢᠯᠯᠠᠵᠤ ᠪᠠᠢᠢᠭ᠎ᠠ ᠡᠷᠬᠢᠮ ᠦᠳ ᠲᠥ ᠳ᠋ᠢᠫᠯᠣᠮᠠᠲ ᠳᠡᠭᠡᠳᠦ ᠴᠣᠯᠠ ᠣᠯᠭᠤᠵᠤ ᠪᠠᠢᠢᠨ᠎ᠠ᠃

 

ᠤᠯᠤᠰ ᠤᠨ ᠶᠡᠬᠡ ᠬᠤᠷᠠᠯ ᠤᠨ ᠭᠡᠰᠢᠭᠦᠨ᠂ ᠭᠠᠳᠠᠭᠠᠳᠤ ᠬᠠᠷᠢᠯᠴᠠᠭᠠᠨ ᠤ ᠰᠠᠢᠢᠳ ᠳᠠᠮᠳᠢᠨ ᠤ ᠴᠣᠭᠲᠤᠪᠠᠭᠠᠲᠤᠷ 1994 ᠣᠨ ᠠᠴᠠ ᠡᠬᠢᠯᠡᠨ ᠳ᠋ᠢᠫᠯᠣᠮᠠᠲ ᠠᠯᠪᠠᠨ ᠳᠤ ᠬᠦᠴᠦᠨ ᠵᠢᠳᠬᠦᠭ᠍ᠰᠡᠨ᠃ ᠡᠨᠡ ᠬᠤᠭᠤᠴᠠᠭᠠᠨ ᠳᠤ ᠠᠽᠢᠶ᠎ᠠ᠂ ᠠᠹᠷᠢᠺᠠ ᠢᠢᠨ ᠭᠠᠵᠠᠷ ᠲᠤ ᠠᠲ᠋ᠲ᠋ᠠᠱᠧ᠂ ᠣᠯᠠᠨ ᠲᠠᠯᠠᠲᠤ ᠬᠠᠮᠲᠤ ᠢᠢᠨ ᠠᠵᠢᠯᠯᠠᠭᠠᠨ ᠤ ᠭᠠᠵᠠᠷ ᠤᠨ ᠳᠡᠳ᠋ ᠵᠠᠬᠢᠷᠤᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠭᠠᠳᠠᠭᠠᠳᠤ ᠪᠣᠳᠣᠯᠭ᠎ᠠ ᠢᠢᠨ ᠵᠥᠪᠯᠡᠬᠦ᠂ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠢᠢᠨ ᠨᠠᠷᠢᠨ ᠪᠢᠴᠢᠭ᠌ ᠦᠨ ᠳᠠᠷᠤᠭ᠎ᠠ᠂ ᠭᠠᠳᠠᠭᠠᠳᠤ ᠬᠠᠷᠢᠯᠴᠠᠭᠠᠨ ᠤ ᠰᠠᠢᠢᠳ ᠵᠡᠷᠭᠡ ᠠᠯᠪᠠ ᠢᠢ ᠲᠥᠷᠥ ᠢᠢᠨ ᠠᠯᠪᠠᠨ ᠤ ᠮᠧᠷᠢᠲ ᠵᠠᠷᠴᠢᠮ ᠢᠶᠠᠷ ᠬᠠᠭᠠᠵᠤ᠂ ᠥᠨᠳᠥᠷ ᠦᠷ᠎ᠡ ᠪᠦᠲᠦᠭᠡᠯ ᠭᠠᠷᠭᠠᠭᠰᠠᠨ ᠪᠠᠢᠢᠨ᠎ᠠ᠃ ᠲᠠᠨ ᠳᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠴᠣᠯᠠ ᠢᠢ ᠬᠦᠷᠲᠡᠭᠡᠵᠦ ᠪᠠᠢᠢᠨ᠎ᠠ᠃

 

ᠮᠠᠨ ᠤ ᠭᠠᠳᠠᠭᠠᠳᠤ ᠬᠠᠷᠢᠯᠴᠠᠭ᠎ᠠ ᠨᠢ ᠡᠳ᠋ ᠍ ᠦᠨ ᠵᠠᠰᠠᠭ ᠤᠨ ᠠᠶᠤᠯ ᠦᠭᠡᠢ ᠪᠠᠢᠢᠳᠠᠯ ᠢ ᠳ᠋ᠢᠫᠯᠣᠮᠠᠲ ᠠᠷᠭ᠎ᠠ ᠵᠠᠮ ᠢᠶᠠᠷ ᠪᠡᠬᠢᠵᠢᠭᠦᠯᠬᠦ᠂ ᠬᠥᠭ᠍ᠵᠢᠭᠦᠯᠬᠦ ᠳᠥ ᠢᠯᠡᠭᠦᠦ ᠲᠡᠢ ᠴᠢᠭᠯᠡᠭᠳᠡᠬᠦ ᠶᠣᠰᠣᠲᠠᠢ ᠴᠠᠭ ᠦᠶ᠎ᠡ ᠳᠥ ᠢᠷᠡᠭᠰᠡᠨ ᠢ ᠡᠨᠳᠡ ᠣᠨᠴᠠᠯᠠᠨ ᠳᠤᠷᠠᠳᠬᠤ ᠪᠠᠢᠢᠨ᠎ᠠ᠃

 

ᠳ᠋ᠢᠫᠯᠣᠮᠠᠲ ᠠᠯᠪᠠᠨ ᠤ ᠥᠨᠳᠦᠷ ᠳᠡᠭᠡᠳᠦ ᠴᠣᠯᠠ ᠬᠦᠷᠲᠡᠭᠰᠡᠨ ᠡᠷᠬᠢᠮ ᠦᠳ ᠲᠡᠭᠡᠨ ᠪᠠᠶᠠᠷ ᠬᠦᠷᠭᠡᠵᠦ᠂ ᠠᠵᠢᠯ ᠠᠮᠢᠳᠤᠷᠠᠯ ᠳᠤ ᠨᠢ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

 

ᠮᠥᠩᠬᠡ ᠲᠩᠷᠢ ᠢᠢᠨ ᠬᠦᠴᠦᠨ ᠳᠦᠷ ᠮᠣᠩ᠋ᠭᠣᠯ ᠤᠨ ᠭᠠᠳᠠᠭᠠᠳᠤ ᠬᠠᠷᠢᠯᠴᠠᠭ᠎ᠠ ᠥᠷᠭᠡᠵᠢᠨ᠂ ᠳᠡᠯᠭᠡᠷᠡᠬᠦ ᠪᠣᠯᠲᠤᠭᠠᠢ᠃

 

ᠪᠠᠶᠠᠷᠯᠠᠯ᠎ᠠ ᠲᠠ ᠪᠦᠬᠦᠨ ᠳᠥ》 ᠭᠡᠪᠡᠢ᠃