Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ

ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 107 ᠵᠢᠯ ᠦᠨ ᠣᠢ ᠢᠢᠨ ᠡᠳᠦᠷ ᠢ ᠲᠣᠬᠢᠶᠠᠯᠳᠤᠭᠤᠯᠤᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃

 

ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠬᠦ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠶᠡᠷᠦᠩᠬᠡᠢ ᠰᠠᠢᠢᠳ ᠤ᠊ ∙ ᠬᠦᠷᠦᠯᠰᠦ᠋ᠬᠡ ᠪᠣᠯᠤᠨ ᠢᠷᠭᠡᠳ ᠦᠨ ᠲᠥᠯᠥᠭᠡᠯᠡᠯ ᠤᠷᠤᠯᠴᠠᠪᠠ᠃