Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠥᠷᠥ ᠢᠢᠨ ᠳᠡᠭᠡᠳᠦ ᠴᠣᠯᠠ᠂ ᠣᠳᠣᠨ᠂ ᠮᠧᠳᠠᠯ ᠭᠠᠷᠳᠠᠭᠤᠯᠤᠯ᠎ᠠ

ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ᠂ ᠮᠣᠩ᠋ᠭᠣᠯ ᠤᠨ ᠤᠯᠠᠮᠵᠢᠯᠠᠯᠲᠤ ᠰᠠᠷ᠎ᠠ ᠰᠢᠨ᠎ᠡ ᠢᠢᠨ ᠪᠠᠶᠠᠷ ᠴᠠᠭᠠᠨ ᠰᠠᠷ᠎ᠠ ᠢᠢ ᠲᠤᠰ ᠲᠤᠰ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠪᠣᠯᠪᠠᠰᠤᠷᠠᠯ᠂ ᠰᠤᠶᠤᠯ᠂ ᠤᠷᠠᠯᠢᠭ᠂ ᠰᠫᠣᠷᠲ᠂ ᠡᠷᠡᠭᠦᠯ ᠮᠡᠨᠳᠦ᠂ ᠰᠢᠨᠵᠢᠯᠡᠬᠦ ᠤᠬᠠᠭᠠᠨ᠂ ᠡᠷᠴᠢᠮ ᠬᠦᠴᠦ᠂ ᠮᠠᠯ ᠠᠵᠤ ᠠᠬᠤᠢ᠂ ᠲᠥᠷᠥ ᠢᠢᠨ ᠪᠠᠢᠢᠭᠤᠯᠤᠯᠭ᠎ᠠ ᠳᠤ ᠣᠯᠠᠨ ᠵᠢᠯ ᠦᠷ᠎ᠡ ᠪᠦᠲᠦᠭᠡᠯ ᠲᠡᠢ ᠠᠵᠢᠯᠯᠠᠭᠰᠠᠨ ᠬᠦᠮᠦᠰ ᠲᠥ ᠮᠣᠩ᠋ᠭᠣᠯ ᠤᠯᠤᠰ ᠤᠨ ᠲᠥᠷᠥ ᠢᠢᠨ ᠳᠡᠭᠡᠳᠦ ᠴᠣᠯᠠ᠂ ᠣᠳᠣᠨ ᠮᠧᠳᠠᠯ ᠬᠦᠷᠲᠡᠭᠡᠪᠡ᠃

 

ᠲᠥᠷᠥ ᠢᠢᠨ ᠳᠡᠭᠡᠳᠦ ᠴᠣᠯᠠ᠂ ᠣᠳᠣᠨ ᠮᠧᠳᠠᠯ ᠭᠠᠷᠳᠠᠭᠤᠯᠬᠤ ᠶᠣᠰᠣᠯᠠᠯ ᠥᠨᠥᠳᠥᠷ ᠲᠥᠷᠥ ᠢᠢᠨ ᠣᠷᠳᠣᠨ ᠤ ᠶᠢᠰᠦᠨ ᠬᠥᠯᠲᠦ᠂ ᠴᠠᠭᠠᠨ ᠲᠤᠭᠲᠤ ᠲᠠᠩᠬᠢᠮ ᠳᠤ ᠪᠣᠯᠵᠤ᠂ ᠱᠠᠩᠨᠠᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠭᠠᠷᠳᠠᠭᠤᠯᠤᠨ ᠥᠭ᠍ᠪᠡ᠃