Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠡᠨᠡᠳᠬᠡᠭ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮ ∙ ᠫ ∙ ᠰᠢᠩ᠋ᡁ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠬᠦᠨ ᠪᠠᠷᠢᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠣᡁᠢᠨ᠋ᠳᠧᠷ ᠫᠠᠷᠲᠠᠫ ᠰᠢᠩ᠋ᡁ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

 

ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠮ ∙ ᠫ ∙ ᠰᠢᠩ᠋ᡁ ᠢ ᠬᠦᠯᠢᠶᠡᠨ ᠠᠪᠴᠤ ᠠᠭᠤᠯᠵᠠᠭᠠᠳ ᠬᠣᠶᠠᠷ ᠣᠷᠣᠨ ᠤ ᠬᠠᠷᠢᠯᠴᠠᠭᠠᠨ ᠤ ᠠᠰᠠᠭᠤᠳᠠᠯ ᠢᠶᠠᠷ ᠶᠠᠷᠢᠯᠴᠠᠯ᠎ᠠ᠃

 

ᠶᠠᠭᠤᠨ ᠲᠦᠷᠦᠭᠦᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠡᠯᠴᠢᠨ ᠰᠠᠢᠢᠳ ᠢ ᠮᠣᠩ᠋ᠭᠣᠯ ᠤᠯᠤᠰ ᠲᠤ ᠰᠠᠭᠤᠬᠤ ᠪᠠᠷ ᠲᠣᠮᠢᠯᠠᠭᠳᠠᠨ ᠢᠷᠡᠭᠰᠡᠨ ᠳᠥ ᠨᠢ ᠪᠠᠶᠠᠷ ᠬᠦᠷᠭᠡᠭᠡᠳ᠂ ᠬᠣᠶᠠᠷ ᠣᠷᠣᠨ ᠤ ᠨᠠᠢᠢᠷᠰᠠᠭ ᠤᠯᠠᠮᠵᠢᠯᠠᠯᠲᠤ ᠬᠠᠷᠢᠯᠴᠠᠭ᠎ᠠ ᠢᠢ ᠤᠯᠠᠮ ᠪᠦᠷ ᠬᠥᠭ᠍ᠵᠢᠭᠦᠯᠬᠦ ᠳᠥ ᠡᠯᠴᠢᠨ ᠰᠠᠢᠢᠳ ᠤᠨ ᠬᠢᠴᠢᠶᠡᠯ ᠵᠢᠳᠬᠦᠯ᠂ ᠣᠷᠣᠯᠴᠠᠭ᠎ᠠ ᠶᠡᠬᠡ ᠲᠤᠯᠠ ᠴᠢᠨᠠᠭᠰᠢᠳᠠ ᠨᠣᠶᠠᠨ ᠰᠢᠩ᠋ᡁ  ᠲᠡᠢ ᠬᠠᠮᠲᠤᠷᠠᠨ ᠠᠵᠢᠯᠯᠠᠬᠤ ᠳᠤ ᠨᠡᠭᠡᠭᠡᠯᠲᠡ ᠲᠡᠢ᠂ ᠲᠠᠭᠠᠲᠠᠢ ᠪᠠᠢᠢᠨ᠎ᠠ ᠭᠡᠳᠡᠭ ᠢᠶᠡᠨ ᠢᠯᠡᠷᠬᠡᠢᠢᠯᠡᠭᠰᠡᠨ ᠶᠤᠮ᠃

 

ᠮᠥᠨ 2015 ᠣᠨ ᠳᠤ ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠮᠣᠩ᠋ᠭᠣᠯ ᠤᠯᠤᠰ ᠲᠤ ᠠᠢᠢᠯᠴᠢᠯᠠᠭᠰᠠᠨ ᠨᠢ ᠬᠣᠶᠠᠷ ᠤᠯᠤᠰ ᠤᠨ ᠪᠦᠬᠦ ᠯᠠ ᠲᠦᠪᠰᠢᠨ ᠦ ᠬᠠᠷᠢᠯᠴᠠᠭᠠᠨ ᠳᠤ ᠡᠶᠡᠷᠭᠦ ᠦᠵᠡᠭᠦᠯᠦᠯᠲᠡ ᠠᠪᠴᠢᠷᠠᠭᠰᠠᠨ ᠲᠠᠯ᠎ᠠ ᠪᠠᠷ ᠳᠤᠷᠠᠳᠴᠤ᠂ ᠠᠢᠢᠯᠴᠢᠯᠠᠯ ᠤᠨ ᠦᠶ᠎ᠡ ᠪᠡᠷ ᠨᠢᠭᠡ ᠲᠡᠷᠪᠤᠮ ᠠᠮ‍.ᠳ᠋ᠣᠯᠯᠠᠷ ᠤᠨ ᠬᠥᠩᠭᠡᠯᠡᠯᠲᠡ ᠲᠡᠢ ᠵᠡᠭᠡᠯᠢ ᠣᠯᠭᠤᠬᠤ ᠪᠠᠷ ᠪᠣᠯᠤᠭᠰᠠᠨ ᠨᠢ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠢᠢᠨ ᠱᠠᠩ ᠢ ᠲᠠᠲᠠᠵᠤ᠂ ᠡᠳᠦᠭᠡ ᠦᠢᠯᠡᠳᠪᠦᠷᠢ ᠢᠢᠨ ᠠᠵᠢᠯ ᠠᠮᠵᠢᠯᠲᠠ ᠲᠠᠢ ᠤᠷᠤᠭᠰᠢᠯᠠᠵᠤ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

 

ᠲᠡᠭᠦᠨᠴᠢᠯᠡᠨ ᠲᠤᠰ ᠤᠯᠤᠰ ᠤᠨ ᠬᠥᠩᠭᠡᠯᠡᠯᠲᠡ ᠲᠡᠢ ᠵᠡᠭᠡᠯᠢ ᠪᠡᠷ ᠡᠨᠡᠳᠬᠡᠭ᠌ ᠦᠨ ᠨᠡᠷ᠎ᠡ ᠬᠦᠨᠳᠦ ᠪᠦᠬᠦᠢ ᠮᠡᠳᠡᠭᠡᠯᠡᠯ ᠦᠨ ᠲᠧᠭᠨᠣᠯᠣᠭᠢ ᠢᠢᠨ ᠰᠤᠷᠭᠠᠭᠤᠯᠢ ᠢᠢᠨ ᠰᠠᠯᠪᠤᠷᠢ ᠢᠢ ᠮᠣᠩ᠋ᠭᠣᠯ ᠤᠯᠤᠰ ᠲᠤ ᠪᠠᠢᠢᠭᠤᠯᠬᠤ ᠵᠡᠷᠭᠡ ᠡᠮᠦᠨ᠎ᠡ ᠨᠢ ᠶᠠᠷᠢᠭᠳᠠᠵᠤ ᠪᠠᠢᠢᠭᠰᠠᠨ ᠲᠥᠰᠥᠯ᠂ ᠬᠥᠲᠥᠯᠪᠦᠷᠢ ᠨᠦᠭᠦᠳ ᠢ ᠠᠵᠢᠯ ᠬᠡᠷᠡᠭ ᠪᠣᠯᠭᠠᠬᠤ ᠠᠰᠠᠭᠤᠳᠠᠯ ᠳᠤ ᠠᠩᠬᠠᠷᠤᠯ ᠬᠠᠨᠳᠤᠭᠤᠯᠵᠤ ᠠᠵᠢᠯᠯᠠᠬᠤ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠮ ∙ ᠫ ∙ ᠰᠢᠩ᠋ᡁ  ᠡᠴᠡ ᠬᠦᠰᠡᠭᠰᠡᠨ ᠶᠤᠮ᠃

 

ᠨᠣᠶᠠᠨ ᠡᠯᠴᠢᠨ ᠰᠠᠢᠢᠳ ᠮ ∙ ᠫ ∙ ᠰᠢᠩ᠋ᡁ ᠬᠠᠷᠢᠭᠤ ᠳᠤ ᠨᠢ᠂ ᠢᠲᠡᠭᠡᠮᠵᠢᠯᠡᠬᠦ ᠵᠢᠭᠤᠬᠤ ᠪᠢᠴᠢᠭ᠌ ᠢ ᠨᠢ ᠬᠦᠯᠢᠶᠡᠨ ᠠᠪᠴᠤ᠂ ᠠᠭᠤᠯᠵᠠᠵᠤ ᠪᠠᠢᠢᠭᠠᠳ ᠲᠠᠯᠠᠷᠬᠠᠯ ᠢᠯᠡᠷᠬᠡᠢᠢᠯᠡᠭᠡᠳ ᠬᠣᠶᠠᠷ ᠤᠯᠤᠰ ᠤᠨ ᠬᠣᠭᠣᠷᠣᠨᠳᠣ ᠬᠢᠭ᠍ᠳᠡᠵᠦ ᠪᠤᠢ᠂ ᠬᠢᠭ᠍ᠳᠡᠬᠦ ᠪᠡᠷ ᠶᠠᠷᠢᠭᠳᠠᠵᠤ ᠪᠤᠢ ᠲᠥᠰᠥᠯ᠂ ᠬᠥᠲᠥᠯᠪᠦᠷᠢ ᠨᠦᠭᠦᠳ ᠲᠥ ᠠᠩᠬᠠᠷᠤᠯ ᠬᠠᠨᠳᠤᠭᠤᠯᠵᠤ᠂ ᠤᠯᠠᠮ ᠪᠡᠬᠢᠵᠢᠵᠦ ᠪᠤᠢ ᠬᠣᠶᠠᠷ ᠤᠯᠤᠰ ᠤᠨ ᠬᠠᠷᠢᠯᠴᠠᠭ᠎ᠠ ᠢᠢ ᠬᠥᠭ᠍ᠵᠢᠭᠦᠯᠬᠦ ᠳᠥ ᠥᠪᠡᠷ ᠦᠨ ᠵᠦᠭ ᠡᠴᠡ ᠪᠦᠬᠦᠢ ᠯᠠ ᠬᠦᠴᠦᠨ ᠴᠢᠳᠠᠯ ᠢᠶᠠᠨ ᠳᠠᠢᠢᠴᠢᠯᠠᠨ ᠠᠵᠢᠯᠯᠠᠨ᠎ᠠ ᠭᠡᠳᠡᠭ ᠢᠶᠡᠨ ᠢᠯᠡᠷᠬᠡᠢᠢᠯᠡᠯ᠎ᠡ᠃

 

ᠲᠠᠯ ᠤᠳ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ᠂ ᠤᠯᠤᠰ ᠲᠥᠷᠥ᠂ ᠰᠤᠶᠤᠯ᠂ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠥᠷᠭᠡᠨ ᠬᠦᠷᠢᠶᠡᠨ ᠳᠥ ᠶᠠᠷᠢᠯᠴᠠᠵᠤ᠂ ᠰᠠᠨᠠᠯ ᠰᠣᠯᠢᠯᠴᠠᠭᠰᠠᠨ ᠶᠤᠮ᠃

 

ᠬᠣᠶᠠᠷ ᠤᠯᠤᠰ 1955 ᠣᠨ ᠤ 12 ᠳ᠋ᠤᠭᠠᠷ ᠰᠠᠷ᠎ᠠ ᠢᠢᠨ 24 ᠍ ᠳᠥ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃

ᠮᠣᠩ᠋ᠭᠣᠯ ᠤᠯᠤᠰ 1956 ᠣᠨ ᠳᠤ ᠰᠢᠨ᠎ᠡ ᠳ᠋ᠧᠯᠢ ᠳᠤ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ 1971 ᠣᠨ ᠳᠤ ᠤᠯᠠᠭᠠᠨᠪᠠᠭᠠᠲᠤᠷ ᠲᠤ ᠡᠯᠴᠢᠨ ᠰᠠᠢᠢᠳ ᠤᠨ ᠶᠠᠮᠤ ᠪᠠᠨ ᠨᠡᠭᠡᠭᠡᠭ᠍ᠰᠡᠨ ᠶᠤᠮ᠃