Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠪᠦᠯ ᠦᠨ ᠰᠫᠣᠷᠲ ᠤᠨ ᠣᠷᠳᠣᠨ ᠤ ᠰᠢᠪᠠ ᠲᠠᠯᠪᠢᠬᠤ ᠶᠣᠰᠣᠯᠠᠯ ᠳᠤ ᠣᠷᠣᠯᠴᠠᠵᠤ᠂ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠪᠦᠯ ᠦᠨ ᠰᠫᠣᠷᠲ ᠤᠨ ᠣᠷᠳᠣᠨ ᠤ ᠰᠢᠪᠠ ᠲᠠᠯᠪᠢᠬᠤ ᠶᠣᠰᠣᠯᠠᠯ ᠳᠤ ᠣᠷᠣᠯᠴᠠᠵᠤ᠂ ᠦᠭᠡ ᠬᠡᠯᠡᠪᠡ

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠠᠨ-ᠠᠭᠤᠯᠠ ᠳᠡᠭᠦᠷᠭᠡ ᠢᠢᠨ VIII ᠬᠣᠷᠢᠶᠠᠨ ᠳᠤ ᠪᠠᠷᠢᠭᠳᠠᠵᠤ ᠪᠤᠢ ᠡᠪᠦᠯ ᠦᠨ ᠰᠫᠣᠷᠲ ᠤᠨ 《ᠮᠥᠰᠦᠨ ᠣᠷᠳᠣᠨ》 ᠤ ᠰᠢᠪᠠ ᠲᠠᠯᠪᠢᠬᠤ ᠶᠣᠰᠣᠯᠠᠯ ᠤᠨ ᠠᠷᠭ᠎ᠠ ᠬᠡᠮᠵᠢᠶᠡᠨ ᠳᠥ ᠬᠦᠷᠦᠯᠴᠡᠨ ᠣᠴᠢᠯ᠎ᠠ᠃

 

ᠰᠢᠪᠠ ᠲᠠᠯᠪᠢᠬᠤ ᠶᠣᠰᠣᠯᠠᠯ ᠤᠨ ᠡᠬᠢᠨ ᠳᠥ ᠪᠦᠲᠦᠭᠡᠨ ᠪᠠᠢᠢᠭᠤᠯᠤᠯᠲᠠ ᠢᠢᠨ ᠠᠵᠢᠯ ᠢ ᠬᠠᠷᠢᠭᠤᠴᠠᠵᠤ ᠪᠤᠢ 《ᠰᠲ᠋ᠧᠫᠫᠧ ᠠᠷᠧᠨᠠ》 ᠺᠣᠮᠫᠠᠨᠢ ᠢᠢᠨ ᠤᠳᠤᠷᠢᠳᠤᠯᠭ᠎ᠠ ᠨᠤᠭᠤᠳ ᠡᠪᠦᠯ ᠦᠨ ᠰᠫᠣᠷᠲ ᠤᠨ ᠣᠷᠳᠣᠨ ᠢ 16 ᠰᠠᠷ᠎ᠠ ᠢᠢᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠡᠷᠴᠢᠮᠲᠡᠢ ᠠᠵᠢᠯᠯᠠᠨ᠎ᠠ ᠭᠡᠰᠡᠨ ᠪᠥᠭᠡᠳ ᠪᠠᠢᠢᠭᠤᠯᠤᠮᠵᠢ ᠲᠠᠢ ᠬᠣᠯᠪᠣᠭᠠᠲᠠᠢ ᠵᠠᠷᠢᠮ ᠮᠡᠳᠡᠭᠡᠯᠡᠯ ᠢ ᠥᠭ᠍ᠭᠦᠭ᠍ᠰᠡᠨ ᠶᠤᠮ᠃

 

 

ᠲᠤᠬᠠᠢᠢᠯᠠᠪᠠᠯ᠂ ᠡᠨᠡ ᠬᠦ ᠣᠷᠳᠣᠨ ᠢ᠄

 

5700 ᠮ.ᠺᠸᠠᠳ᠋ᠷᠠᠲ ᠠᠰᠢᠭᠯᠠᠯᠲᠠ ᠢᠢᠨ ᠲᠠᠯᠠᠪᠠᠢ ᠲᠠᠢ᠂

2600 ᠬᠦᠷᠲᠡᠯᠡᠬᠢ ᠦᠵᠡᠭᠴᠢ ᠢᠢᠨ ᠰᠠᠭᠤᠳᠠᠯ ᠲᠠᠢ᠂

ᠣᠯᠠᠨ ᠤᠯᠤᠰ ᠤᠨ ᠣᠯᠢᠮᠫ ᠤᠨ ᠬᠣᠷᠢᠶᠠᠨ ᠤ ᠰᠲ᠋ᠠᠨ᠋ᠳᠠᠷᠲ ᠬᠡᠮᠵᠢᠶᠡᠰᠦ ᠪᠣᠯᠬᠤ 60-30 ᠮᠧᠲ᠋ᠷ ᠮᠥᠰᠦᠨ ᠭᠤᠯᠭᠤᠭᠤᠷ ᠤᠨ ᠲᠠᠯᠠᠪᠠᠢ ᠲᠠᠢ᠂

ᠬᠥᠭ᠍ᠵᠢᠯ ᠦᠨ ᠪᠡᠷᠬᠡᠰᠢᠶᠡᠯ ᠲᠡᠢ ᠢᠷᠭᠡᠳ ᠲᠥ ᠵᠣᠷᠢᠭᠤᠯᠤᠭᠰᠠᠨ ᠵᠠᠮ᠂ ᠲᠠᠯᠠᠪᠠᠢ ᠲᠠᠢ

ᠬᠣᠢᠳᠤ ᠠᠮᠧᠷᠢᠺᠠ᠂ ᠧᠦ᠋ᠷᠣᠫᠠ ᠢᠢᠨ ᠣᠷᠣᠨ ᠨᠤᠭᠤᠳ ᠲᠤ ᠥᠷᠭᠡᠨ ᠠᠰᠢᠭᠯᠠᠵᠤ ᠪᠤᠢ ᠮᠥᠰᠦᠨ ᠲᠠᠯᠠᠪᠠᠢ ᠢᠢᠨ ᠵᠣᠷᠢᠭᠤᠯᠤᠯᠲᠠ ᠢᠢᠨ ᠬᠥᠷᠥᠭᠡᠯᠲᠡ ᠢᠢᠨ ᠲᠥᠬᠥᠭᠡᠷᠦᠮᠵᠢ᠂ ᠠᠭᠠᠷ ᠰᠡᠯᠭᠦᠯᠲᠡ ᠢᠢᠨ ᠰᠢᠰᠲ᠋ᠧᠮ ᠲᠡᠢ᠂

ᠲᠠᠩᠬᠢᠮ ᠲᠠᠰᠤᠯᠭ᠎ᠠ᠂ ᠮᠥᠰᠦᠨ ᠭᠤᠯᠭᠤᠭᠤᠷ ᠤᠨ ᠲᠠᠯᠠᠪᠠᠢ ᠢᠢ ᠰᠫᠣᠷᠲ ᠤᠨ ᠪᠤᠰᠤᠳ ᠲᠥᠷᠥᠯ ᠦᠨ ᠤᠷᠤᠯᠳᠤᠭᠠᠨ ᠲᠡᠮᠡᠴᠡᠭᠡᠨ᠂ ᠰᠤᠶᠤᠯ ᠤᠷᠠᠯᠢᠭ ᠤᠨ ᠠᠷᠭ᠎ᠠ ᠬᠡᠮᠵᠢᠶ᠎ᠡ᠂ ᠲᠣᠭᠯᠠᠯᠲᠠ ᠳᠤ ᠵᠣᠷᠢᠭᠤᠯᠤᠨ ᠬᠥᠷᠪᠡᠨ ᠥᠭᠡᠷᠡᠴᠢᠯᠡᠬᠦ ᠪᠣᠯᠤᠮᠵᠢ ᠲᠠᠢ ᠪᠠᠢᠢᠬᠤ ᠪᠠᠷ ᠲᠥᠯᠥᠪᠯᠡᠵᠡᠢ᠃

ᠡᠨᠡ ᠬᠦ ᠲᠥᠯᠥᠪᠯᠡᠭᠡ᠂ ᠪᠠᠷᠢᠯᠭ᠎ᠠ ᠢᠢᠨ ᠵᠢᠷᠤᠭ ᠲᠥᠰᠥᠯ ᠢ ᠳᠣᠲᠣᠭᠠᠳᠤ ᠢᠢᠨ 《ᠠᠨᠠᠭᠷᠠᠮ》 ᠺᠣᠮᠫᠠᠨᠢ᠂ ᠺᠠᠨᠠᠳ᠋ ᠤᠨ HDR/CEI ᠪᠣᠯᠤᠨ VDA ᠺᠣᠮᠫᠠᠨᠢ ᠨᠤᠭᠤᠳ ᠲᠠᠢ ᠬᠠᠮᠲᠤᠷᠠᠨ ᠣᠯᠠᠨ ᠤᠯᠤᠰ ᠤᠨ ᠬᠣᠺᠺᠧᠢ ᠢᠢᠨ ᠬᠣᠯᠪᠣᠭᠠᠨ ᠤ ᠵᠢᠭᠠᠪᠤᠷᠢ᠂ ᠵᠥᠪᠯᠡᠮᠵᠢ ᠢᠢ ᠪᠠᠷᠢᠮᠲᠠᠯᠠᠨ ᠪᠣᠯᠪᠠᠰᠤᠷᠠᠭᠤᠯᠤᠭᠰᠠᠨ ᠪᠠᠢᠢᠨ᠎ᠠ᠃

 

ᠡᠪᠦᠯ ᠦᠨ ᠰᠫᠣᠷᠲ ᠤᠨ ᠣᠷᠳᠣᠨ ᠤ ᠲᠠᠨᠢᠯᠴᠠᠭᠤᠯᠭ᠎ᠠ ᠢᠢ ᠰᠣᠨᠣᠰᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠲᠦᠭᠡᠨ ᠪᠠᠢᠢᠭᠤᠯᠤᠯᠲᠠ ᠢᠢ ᠴᠠᠭ᠂ ᠬᠤᠭᠤᠴᠠᠭᠠᠨ ᠳᠤ ᠨᠢ ᠪᠠᠭᠲᠠᠭᠠᠨ ᠳᠠᠭᠤᠰᠬᠠᠬᠤ ᠶᠣᠰᠣᠲᠠᠢ ᠢᠢ ᠣᠨᠴᠠᠯᠠᠨ ᠬᠡᠯᠡᠭᠡᠳ ᠰᠢᠪᠠ ᠲᠠᠯᠪᠢᠬᠤ ᠶᠣᠰᠣᠯᠠᠯ ᠤᠨ ᠠᠷᠭ᠎ᠠ ᠬᠡᠮᠵᠢᠶᠡᠨ ᠳᠥ ᠣᠷᠣᠯᠴᠠᠬᠤ ᠪᠠᠷ ᠢᠷᠡᠭᠰᠡᠨ ᠵᠣᠴᠢᠳ ᠲᠥᠯᠥᠭᠡᠯᠡᠭᠴᠢᠳ ᠲᠥ ᠬᠠᠨᠳᠤᠨ ᠦᠭᠡ ᠬᠡᠯᠡᠪᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄

《ᠬᠦᠷᠦᠯᠴᠡᠨ ᠢᠷᠡᠭᠰᠡᠨ ᠲᠠ ᠪᠦᠬᠦᠨ ᠳᠥ ᠡᠨᠡ ᠡᠳᠦᠷ ᠦᠨ ᠮᠡᠨᠳᠦ ᠬᠦᠷᠭᠡᠶ᠎ᠡ᠃ ᠬᠣᠺᠺᠧᠢ ᠢᠢᠨ ᠰᠫᠣᠷᠲ ᠥᠨᠳᠥᠷ ᠬᠥᠭ᠍ᠵᠢᠭᠰᠡᠨ ᠤᠯᠤᠰ᠂ ᠣᠷᠣᠨ ᠨᠤᠭᠤᠳ ᠤᠨ ᠡᠯᠴᠢᠨ ᠰᠠᠢᠢᠳ ᠨᠠᠷ᠂ ᠳᠣᠲᠣᠭᠠᠳᠤ ᠢᠢᠨ ᠺᠣᠮᠫᠠᠨᠢ ᠨᠤᠭᠤᠳ ᠤᠨ ᠲᠥᠯᠥᠭᠡᠯᠡᠯ ᠪᠣᠯᠤᠨ ᠣᠯᠠᠨ ᠢᠷᠭᠡᠨ ᠮᠥᠰᠦᠨ ᠣᠷᠳᠣᠨ ᠤ ᠰᠢᠪᠠ ᠲᠠᠯᠪᠢᠬᠤ ᠶᠣᠰᠣᠯᠠᠯ ᠳᠤ ᠬᠦᠷᠦᠯᠴᠡᠨ ᠢᠷᠡᠭᠰᠡᠨ ᠪᠠᠢᠢᠨ᠎ᠠ᠃ ᠲᠠ ᠪᠦᠬᠦᠨ ᠳᠥ ᠪᠠᠶᠠᠷᠯᠠᠯ᠎ᠠ᠃

 

ᠮᠣᠩ᠋ᠭᠣᠯᠴᠤᠳ ᠪᠢᠳᠡ ᠡᠪᠯᠡᠨ ᠨᠢᠭᠡᠳᠬᠦ ᠠᠪᠠᠰᠤ ᠬᠦᠰᠡᠭᠰᠡᠨ ᠵᠣᠷᠢᠭᠰᠠᠨ ᠢᠶᠠᠨ ᠪᠡᠶᠡᠯᠡᠭᠦᠯᠳᠡᠭ ᠠᠷᠠᠳ ᠲᠦᠮᠡᠨ ᠭᠡᠳᠡᠭ ᠢᠶᠡᠨ ᠣᠯᠠᠨ ᠵᠦᠢᠯ ᠢᠶᠡᠷ ᠪᠠᠲᠤᠯᠠᠨ ᠬᠠᠷᠠᠭᠤᠯᠳᠠᠭ ᠨᠢᠭᠡᠨ ᠵᠢᠱᠢᠶ᠎ᠡ᠂ ᠦᠯᠢᠭᠡᠷ ᠠᠪᠬᠤᠢᠢᠴᠠ ᠠᠵᠢᠯ ᠪᠣᠯ ᠡᠨᠡ ᠬᠦ 《ᠮᠥᠰᠦᠨ ᠥᠷᠭᠥᠭᠡ 》᠎ ᠢᠢ ᠪᠦᠲᠦᠭᠡᠨ ᠪᠠᠢᠢᠭᠤᠯᠬᠤ ᠪᠠᠷ ᠬᠥᠷᠥᠩᠭᠡ ᠮᠥᠩᠭᠥ᠂ ᠬᠦᠴᠦ ᠴᠢᠳᠠᠯ ᠢᠶᠠᠨ ᠨᠢᠭᠡᠳᠬᠡᠭ᠍ᠰᠡᠨ ᠦᠨᠳᠦᠰᠦᠨ ᠦ ᠠᠵᠤ ᠠᠬᠤᠢ ᠢᠢᠨ ᠨᠢᠭᠡᠴᠡ ᠨᠦᠭᠦᠳ ᠦᠨ ᠰᠢᠢᠳᠪᠦᠷᠢ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 2020 ᠣᠨ ᠤ ᠨᠠᠢᠢᠮᠠᠳᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠨ᠎ᠠ 《ᠠᠽᠢᠶ᠎ᠠ ᠢᠢᠨ ᠬᠡᠦᠬᠡᠳ ᠦᠳ》 ᠣᠯᠠᠨ ᠤᠯᠤᠰ ᠤᠨ ᠰᠫᠣᠷᠲ ᠤᠨ ᠶᠡᠬᠡ ᠨᠠᠭᠠᠳᠤᠮ ᠪᠣᠯᠤᠨ᠎ᠠ᠃ ᠮᠥᠨ 2023 ᠣᠨ ᠤ ᠠᠽᠢᠶ᠎ᠠ ᠢᠢᠨ ᠵᠠᠯᠠᠭᠤᠴᠤᠳ ᠤᠨ ᠨᠠᠭᠠᠳᠤᠮ ᠤᠯᠠᠭᠠᠨᠪᠠᠭᠠᠲᠤᠷ ᠬᠣᠲᠠ ᠳᠤ ᠪᠣᠯᠤᠨ᠎ᠠ᠃ ᠡᠳᠡᠭᠡᠷ ᠰᠫᠣᠷᠲ ᠤᠨ ᠨᠠᠭᠠᠳᠤᠮ ᠤᠳ ᠲᠤ ᠵᠣᠷᠢᠭᠤᠯᠤᠭᠰᠠᠨ ᠪᠦᠲᠦᠭᠡᠨ ᠪᠠᠢᠢᠭᠤᠯᠤᠯᠲᠠ ᠢᠢᠨ ᠠᠵᠢᠯ ᠤᠨ ᠨᠢᠭᠡ ᠬᠡᠰᠡᠭ ᠨᠢ ᠡᠨᠡ ᠬᠦ 《ᠮᠥᠰᠦᠨ ᠥᠷᠭᠥᠭᠡ》 ᠶᠤᠮ᠃

 

ᠮᠥᠨ 50 ᠮᠧᠲ᠋ᠷ ᠤᠨ ᠤᠷᠲᠤ ᠲᠠᠢ ᠤᠰᠤᠨ ᠪᠠᠰᠰᠧᠢᠨ᠂ 10 ᠮᠢᠩ᠋ᠭᠠᠨ ᠬᠦᠮᠦᠨ ᠦ ᠰᠠᠭᠤᠳᠠᠯ ᠲᠠᠢ ᠰᠲ᠋ᠠᠨ᠋ᠳᠠᠷᠲ ᠬᠠᠩ᠋ᠭᠠᠭᠰᠠᠨ ᠬᠥᠯ ᠪᠥᠮᠪᠥᠭᠡ ᠢᠢᠨ ᠲᠠᠯᠠᠪᠠᠢ ᠪᠠᠷᠢᠭᠳᠠᠨ᠎ᠠ᠃ ᠡᠨᠳᠡ ᠮᠥᠨ ᠲᠠ ᠪᠦᠬᠦᠨ ᠦ ᠮᠡᠳᠡᠵᠦ ᠪᠠᠢᠢᠭᠠᠴᠢᠯᠠᠨ 《ᠪᠤᠶᠠᠨᠲᠤ-ᠬᠤᠸᠠ》 ᠰᠫᠣᠷᠲ ᠴᠣᠭᠴᠠᠯᠠᠪᠤᠷᠢ ᠪᠤᠢ᠃ ᠲᠡᠢᠢᠮᠦ ᠡᠴᠡ ᠭᠠᠳᠠᠨ᠎ᠠ᠂ ᠳᠣᠲᠣᠨ᠎ᠠ ᠠᠴᠠ ᠢᠷᠡᠭᠰᠡᠨ ᠲᠠᠮᠢᠷᠴᠢᠳ ᠢ ᠪᠠᠢᠢᠷᠢᠯᠠᠭᠤᠯᠬᠤ ᠵᠣᠴᠢᠳ ᠪᠠᠭᠤᠳᠠᠯ ᠬᠡᠯᠪᠡᠷᠢ ᠢᠢᠨ ᠣᠷᠣᠨ ᠰᠠᠭᠤᠴᠠ ᠢᠢ ᠴᠤ ᠭᠡᠰᠡᠨ ᠰᠢᠢᠳᠡᠭᠰᠡᠨ ᠭᠡᠳᠡᠭ ᠢ ᠳᠠᠪᠬᠤᠷ ᠬᠡᠯᠡᠶ᠎ᠡ᠃ ᠦᠶ᠎ᠡ᠂ ᠦᠶ᠎ᠡ ᠢᠢᠨ ᠬᠡᠦᠬᠡᠳ ᠵᠠᠯᠠᠭᠤᠰ᠂ ᠲᠠᠮᠢᠷᠴᠢᠳ ᠤᠨ ᠬᠦᠰᠡᠯ ᠮᠥᠷᠥᠭᠡᠳᠦᠯ ᠢ ᠥᠪᠡᠷ ᠲᠡᠭᠡᠨ ᠰᠢᠩᠭᠡᠭᠡᠵᠦ ᠪᠠᠢᠢᠭ᠎ᠠ ᠴᠣᠭᠴᠠᠯᠠᠪᠤᠷᠢ ᠨᠤᠭᠤᠳ᠂ ᠢᠯᠠᠩ᠋ᠭᠤᠶ᠎ᠠ 《ᠮᠥᠰᠦᠨ ᠥᠷᠭᠥᠭᠡ》 ᠴᠠᠭ ᠬᠤᠭᠤᠴᠠᠭᠠᠨ ᠳᠤ ᠪᠠᠨ ᠪᠠᠷᠢᠭᠳᠠᠭᠠᠰᠠᠢ ᠭᠡᠵᠦ ᠳᠠᠬᠢᠨ ᠬᠦᠰᠡᠵᠦ ᠪᠠᠢᠢᠨ᠎ᠠ᠃

 

ᠢᠷᠡᠬᠦ ᠳᠣᠯᠣᠭ᠎ᠠ ᠬᠣᠨᠣᠭ ᠲᠤ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠡᠳᠡᠭᠡᠷ ᠠᠰᠠᠭᠤᠳᠠᠯ ᠢ ᠬᠡᠯᠡᠯᠴᠡᠬᠦ ᠶᠤᠮ ᠪᠠᠢᠢᠨ᠎ᠠ᠃ ᠲᠡᠢᠢᠮᠦ ᠡᠴᠡ ᠵᠠᠰᠠᠭ ᠤᠨ ᠭᠠᠵᠠᠷ ᠥᠰᠪᠦᠷᠢ ᠦᠶ᠎ᠡ᠂ ᠬᠡᠦᠬᠡᠳ ᠵᠠᠯᠠᠭᠤᠰ ᠤᠨ ᠢᠶᠠᠨ ᠢᠷᠡᠭᠡᠳᠦᠢ ᠳᠥ ᠣᠨᠴᠠᠭᠠᠢ ᠠᠩᠬᠠᠷᠴᠤ ᠲᠣᠳᠣᠷᠬᠠᠢ ᠰᠢᠢᠳᠪᠦᠷᠢ ᠭᠠᠷᠭᠠᠨ᠎ᠠ ᠪᠠᠢᠢᠬᠤ ᠭᠡᠳᠡᠭ ᠲᠥ ᠢᠲᠡᠭᠡᠵᠦ ᠪᠠᠢᠢᠨ᠎ᠠ᠃

 

ᠵᠠᠳᠠᠭᠠᠢ ᠲᠠᠯᠠᠪᠠᠢ ᠳᠤ ᠪᠡᠯᠡᠳᠬᠡᠯ ᠬᠢᠵᠦ ᠠᠽᠢᠶ᠎ᠠ ᠢᠢᠨ ᠴᠣᠮᠣ ᠢᠢᠨ ᠲᠡᠮᠡᠴᠡᠭᠡᠨ ᠳᠥ ᠬᠣᠶᠠᠷ ᠵᠢᠯ ᠳᠠᠷᠠᠭᠠᠯᠠᠨ ᠲᠦᠷᠦᠭᠦᠯᠡᠭᠰᠡᠨ ᠬᠣᠺᠺᠧᠢᠴᠢᠳ ᠲᠤ ᠪᠠᠨ ᠮᠥᠨ ᠡᠨᠡ ᠡᠳᠦᠷ ᠪᠠᠶᠠᠷ ᠬᠦᠷᠭᠡᠮᠡᠷ ᠪᠠᠢᠢᠨ᠎ᠠ᠃ ᠪᠢᠳᠡ ᠵᠣᠷᠢᠭᠤᠯᠤᠯᠲᠠ ᠢᠢᠨ ᠪᠢᠲᠡᠭᠦᠦ ᠳᠡᠭᠡᠪᠦᠷ ᠲᠡᠢ ᠣᠷᠳᠣᠨ ᠲᠠᠢ ᠪᠣᠯᠤᠭᠰᠠᠨ ᠤ ᠳᠠᠷᠠᠭ᠎ᠠ ᠠᠽᠢᠶ᠎ᠠ ᠢᠢᠨ ᠪᠣᠯᠤᠨ ᠪᠤᠰᠤᠳ ᠲᠣᠮᠣ ᠲᠡᠮᠡᠴᠡᠭᠡᠨ ᠢ ᠡᠬᠡ ᠣᠷᠣᠨ ᠳᠤ ᠪᠠᠨ ᠬᠦᠯᠢᠶᠡᠨ ᠠᠪᠬᠤ ᠪᠣᠯᠤᠮᠵᠢ ᠲᠠᠢ ᠪᠣᠯᠤᠨ᠎ᠠ᠃ ᠮᠥᠨ ᠡᠨᠡ ᠰᠫᠣᠷᠲ ᠢᠶᠠᠷ ᠬᠢᠴᠢᠶᠡᠯᠯᠡᠬᠦ ᠰᠣᠨᠢᠷᠬᠠᠯ ᠲᠠᠢ ᠬᠡᠦᠬᠡᠳ ᠦᠳ ᠦᠨ ᠲᠣᠭ᠎ᠠ ᠨᠡᠮᠡᠭᠳᠡᠨ᠎ᠡ ᠭᠡᠳᠡᠭ ᠲᠥ ᠢᠲᠡᠭᠡᠯᠲᠡᠢ ᠪᠠᠢᠢᠨ᠎ᠠ 》 ᠭᠡᠯ᠎ᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠦᠭᠡ ᠬᠡᠯᠡᠭᠰᠡᠨ ᠦ ᠳᠠᠷᠠᠭ᠎ᠠ ᠬᠣᠺᠺᠧᠢ ᠢᠢᠨ ᠰᠢᠭ᠍ᠰᠢᠭᠡ ᠪᠠᠭ ᠤᠨ ᠳᠠᠰᠬᠠᠯᠵᠢᠭᠤᠯᠤᠭᠴᠢ ᠠ᠊ ∙ ᠮᠡᠷᠭᠡᠨ᠂ ᠤᠷᠠᠨ ᠭᠤᠯᠭᠤᠯᠲᠠ ᠢᠢᠨ ᠰᠢᠨ᠎ᠡ ᠦᠶ᠎ᠡ ᠢᠢᠨ ᠲᠥᠯᠥᠭᠡᠯᠡᠯ ᠪᠣᠯᠬᠤ ᠭ ∙ ᠮᠠᠷᠠᠯ-ᠡᠷᠳᠡᠨᠢ ᠨᠠᠷ ᠡᠨᠡ ᠬᠦ ᠮᠥᠰᠦᠨ ᠣᠷᠳᠣᠨ ᠨᠢ ᠤᠷᠮ᠎ᠠ ᠵᠣᠷᠢᠭ ᠥᠭᠴᠦ ᠪᠠᠢᠢᠭ᠎ᠠ ᠲᠠᠯ᠎ᠠ ᠪᠠᠷ ᠰᠡᠳᠬᠢᠭ᠍ᠳᠡᠯ ᠢᠶᠡᠨ ᠬᠤᠪᠢᠶᠠᠯᠴᠠᠵᠤ᠂ ᠬᠣᠺᠺᠧᠢ ᠢᠢᠨ ᠰᠫᠣᠷᠲ᠂ ᠤᠷᠠᠨ ᠭᠤᠯᠭᠤᠯᠲᠠ ᠪᠠᠷ ᠬᠢᠴᠢᠶᠡᠯᠯᠡᠵᠦ ᠪᠠᠢᠢᠭ᠎ᠠ ᠰᠤᠷᠤᠭᠴᠢᠳ ᠦᠵᠡᠭᠦᠯᠬᠦ ᠲᠣᠭᠯᠠᠯᠲᠠ ᠦᠵᠡᠭᠦᠯᠦᠯ᠎ᠡ᠃