Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠵᠥᠪᠯᠡᠯ ᠦᠨ ᠶᠡᠷᠦᠩᠬᠡᠢ ᠰᠠᠢᠢᠳ ᠯᠢ ᠺᠥᠴᠢᠶᠠᠨ ᠪᠠᠷᠠᠭᠠᠯᠬᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠥᠨᠥᠳᠥᠷ ᠪᠡᠭᠡᠵᠢᠩ ᠬᠣᠲᠠ ᠢᠢᠨ 《ᠺᠠᠫᠢᠲ᠋ᠠᠯ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠭᠠᠵᠠᠷᠳᠠᠯ᠎ᠠ᠃ ᠲᠥᠷᠦ ᠢᠢᠨ ᠲᠡᠷᠢᠭᠦᠨ ᠢ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠳ ∙ ᠭᠠᠩ᠋ᠬᠤᠶᠠᠭ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠬᠡᠷᠡᠭ ᠦᠨ ᠳᠡᠳ᠋ ᠰᠠᠢᠢᠳ ᠺᠦᠨ ᠱᠶᠤᠸᠠᠨᠶᠤ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠰᠢᠩ ᠬᠠᠢᠢᠮᠢᠨ ᠨᠠᠷ ᠤᠨ ᠲᠥᠯᠦᠭᠡᠯᠡᠭᠴᠢᠳ ᠤᠭᠲᠤᠨ ᠠᠪᠴᠤ᠂ ᠮᠡᠨᠳᠦᠴᠢᠯᠡᠪᠡ᠃

 

ᠠᠢᠢᠯᠴᠢᠯᠠᠯ ᠤᠨ ᠬᠦᠷᠢᠶᠡᠨ ᠳᠥ ᠥᠨᠥᠳᠥᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠢᠶᠣᠦᠢᠲᠠᠢ ᠲᠥᠷᠥ ᠢᠢᠨ ᠶᠣᠰᠣᠯᠠᠯ᠂ ᠬᠦᠨᠳᠦᠳᠬᠡᠯ ᠦᠨ ᠴᠣᠭᠴᠠᠯᠠᠪᠤᠷᠢ ᠳᠤ ᠲᠤᠰ ᠤᠯᠤᠰ ᠤᠨ ᠲᠥᠷᠥ ᠢᠢᠨ ᠵᠥᠪᠯᠡᠯ ᠦᠨ ᠶᠡᠷᠦᠩᠬᠡᠢ ᠰᠠᠢᠢᠳ ᠯᠢ ᠺᠥᠴᠢᠶᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ ᠠ᠃

 

ᠪᠠᠷᠠᠭᠠᠯᠬᠠᠯᠲᠠ ᠢᠢᠨ ᠡᠬᠢᠨ ᠳᠥ ᠨᠣᠶᠠᠨ ᠯᠢ ᠺᠥᠴᠢᠶᠠᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠮᠣᠩ᠋ᠭᠣᠯ ᠤᠨ ᠲᠠᠯ᠎ᠠ ᠲᠠᠢ ᠨᠠᠢᠢᠷᠰᠠᠭ ᠬᠠᠮᠲᠤ ᠢᠢᠨ ᠠᠵᠢᠯᠯᠠᠭ᠎ᠠ ᠢᠢ ᠪᠠᠨ ᠬᠥᠭ᠍ᠵᠢᠭᠦᠯᠬᠦ ᠢᠢ ᠴᠢᠬᠤᠯᠠᠴᠢᠯᠠᠵᠤ ᠢᠷᠡᠭᠰᠡᠨ ᠢ ᠴᠣᠬᠣᠨ ᠲᠡᠮᠳᠡᠭᠯᠡᠭᠡᠳ 《ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠮᠣᠩ᠋ᠭᠣᠯ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ᠂ ᠮᠥᠨ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠤᠬᠠᠢ ᠭᠡᠷ᠎ᠡ ᠢᠢ ᠰᠢᠨᠡᠴᠢᠯᠡᠨ ᠪᠠᠢᠢᠭᠤᠯᠤᠭᠰᠠᠨ ᠤ 25 ᠵᠢᠯ ᠦᠨ ᠣᠢ ᠲᠣᠬᠢᠶᠠᠵᠤ ᠪᠠᠢᠢᠭ᠎ᠠ ᠨᠢ ᠬᠣᠶᠠᠷ ᠤᠯᠤᠰ ᠤᠨ ᠬᠤᠪᠢ ᠳᠤ ᠬᠠᠮᠲᠤ ᠢᠢᠨ ᠠᠵᠢᠯᠯᠠᠭ᠎ᠠ ᠢᠢ ᠪᠠᠨ ᠬᠥᠭ᠍ᠵᠢᠭᠦᠯᠬᠦ ᠰᠢᠨ᠎ᠡ ᠪᠣᠯᠤᠮᠵᠢ ᠬᠡᠮᠡᠨ ᠬᠠᠷᠠᠵᠤ ᠪᠠᠢᠢᠨ᠎ᠠ》 ᠭᠡᠰᠡᠨ ᠶᠤᠮ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠦᠨ ᠤᠷᠢᠯᠭ᠎ᠠ ᠪᠠᠷ ᠬᠢᠵᠦ ᠪᠤᠢ ᠲᠥᠷᠦ ᠢᠢᠨ ᠠᠢᠢᠯᠴᠢᠯᠠᠯ ᠨᠢ ᠮᠣᠩ᠋ᠭᠣᠯ-ᠬᠢᠲᠠᠳ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ᠂ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠤᠬᠠᠢ ᠭᠡᠷ᠎ᠡ ᠢᠢᠨ 25 ᠵᠢᠯ ᠦᠨ ᠣᠢ ᠲᠣᠬᠢᠶᠠᠵᠤ ᠪᠤᠢ ᠪᠠᠷ ᠢᠶᠠᠨ ᠣᠨᠴᠠᠯᠢᠭ ᠪᠣᠯᠵᠤ ᠪᠠᠢᠢᠨ᠎ᠠ᠃ ᠮᠥᠨ 《ᠪᠦᠰ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠬᠣᠶᠠᠷ ᠳᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠤᠷᠤᠯᠴᠠᠬᠤ ᠭᠡᠵᠦ ᠪᠤᠢ ᠳᠤ ᠪᠠᠨ ᠪᠠᠶᠠᠷᠲᠠᠢ ᠪᠠᠢᠢᠨ᠎ᠠ᠃ ᠬᠠᠯᠠᠭᠤᠨ ᠳᠣᠲᠣᠨᠣ ᠬᠦᠯᠢᠶᠡᠨ ᠠᠪᠴᠤ ᠪᠤᠢ ᠳᠤ ᠪᠠᠶᠠᠷᠯᠠᠯ᠎ᠠ》 ᠭᠡᠯ᠎ᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠠᠷᠭᠠᠰᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ  ᠲᠡᠢ ᠠᠭᠤᠯᠵᠠᠵᠤ ᠠᠯᠪᠠᠨ ᠶᠣᠰᠣᠨ ᠤ ᠬᠡᠯᠡᠯᠴᠡᠭᠡ ᠬᠢᠨ᠎ᠡ᠃