Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠨᠠᠷ ᠠᠯᠪᠠᠨ ᠶᠣᠰᠣᠨ ᠤ ᠬᠡᠯᠡᠯᠴᠡᠭᠡ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠨᠠᠷ ᠥᠨᠥᠳᠥᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠠᠷᠠᠳ ᠤᠨ ᠶᠡᠬᠡ ᠬᠤᠷᠠᠯ ᠤᠨ ᠣᠷᠳᠣᠨ ᠤ 《ᠵᠡᠭᠦᠨ ᠶᠡᠬᠡ》 ᠲᠠᠩᠬᠢᠮ ᠳᠤ ᠠᠯᠪᠠᠨ ᠶᠣᠰᠣᠨ ᠤ ᠬᠡᠯᠡᠯᠴᠡᠭᠡ ᠬᠢᠪᠡ᠃

 

ᠬᠡᠯᠡᠯᠴᠡᠭᠡᠨ ᠦ ᠡᠬᠢᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠡᠮᠦᠨ᠎ᠡ ᠨᠢ ᠬᠣᠶᠠᠷ ᠤᠳᠠᠭ᠎ᠠ ᠠᠭᠤᠯᠵᠠᠵᠤ ᠪᠠᠢᠢᠭᠰᠠᠨ ᠲᠠᠯ᠎ᠠ ᠪᠠᠷ ᠢᠶᠠᠨ ᠳᠤᠷᠠᠳᠤᠭᠠᠳ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ-ᠮᠣᠩ᠋ᠭᠣᠯ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ᠂ ᠮᠥᠨ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠭᠡᠷ᠎ᠡ ᠢᠢ ᠰᠢᠨᠡᠴᠢᠯᠡᠨ ᠪᠠᠢᠢᠭᠤᠯᠤᠭᠰᠠᠨ ᠤ 25 ᠵᠢᠯ ᠦᠨ ᠣᠢ ᠲᠣᠬᠢᠶᠠᠵᠤ ᠪᠤᠢ ᠡᠨᠡᠬᠦ ᠴᠠᠭ ᠦᠶ᠎ᠡ ᠳᠥ ᠳᠠᠬᠢᠨ ᠠᠭᠤᠯᠵᠠᠵᠤ ᠪᠠᠢᠢᠭ᠎ᠠ ᠨᠢ ᠬᠣᠶᠠᠷ ᠣᠷᠣᠨ ᠤ ᠬᠠᠷᠢᠯᠴᠠᠭᠠᠨ ᠳᠤ ᠴᠢᠬᠤᠯᠠ ᠠᠴᠢ ᠬᠣᠯᠪᠣᠭᠳᠠᠯ ᠲᠠᠢ ᠪᠣᠯᠬᠤ ᠢᠢ ᠣᠨᠴᠠᠯᠠᠨ ᠬᠡᠯᠡᠯ᠎ᠡ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠨᠡᠬᠦ ᠠᠭᠤᠯᠵᠠᠯᠲᠠ ᠨᠢ 70 ᠵᠢᠯ ᠦᠨ ᠬᠠᠮᠲᠤ ᠢᠢᠨ ᠠᠵᠢᠯᠯᠠᠭᠠᠨ ᠤ ᠣᠯᠤᠯᠲᠠ ᠠᠮᠵᠢᠯᠲᠠ ᠪᠣᠯᠤᠭᠠᠳ ᠴᠢᠨᠠᠭᠰᠢᠳᠠ ᠢᠢᠨ ᠵᠣᠷᠢᠯᠭ᠎ᠠ᠂ ᠴᠢᠭᠯᠡᠯ ᠢᠶᠡᠨ ᠲᠣᠳᠣᠷᠬᠠᠢᠢᠯᠠᠬᠤ ᠴᠢᠬᠤᠯᠠ ᠠᠭᠤᠯᠵᠠᠯᠲᠠ ᠪᠣᠯᠬᠤ ᠢᠢ ᠲᠡᠮᠳᠡᠭᠯᠡᠭᠡᠳ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠦᠨ ᠤᠷᠢᠯᠭ᠎ᠠ ᠪᠠᠷ ᠲᠥᠷᠥ ᠢᠢᠨ ᠠᠢᠢᠯᠴᠢᠯᠠᠯ ᠬᠢᠵᠦ᠂ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠴᠢᠭᠤᠯᠭ᠎ᠠ ᠠᠭᠤᠯᠵᠠᠯᠲᠠ ᠳᠤ ᠣᠷᠣᠯᠴᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠲᠠᠯ᠎ᠠ ᠨᠤᠭᠤᠳ ᠬᠣᠶᠠᠷ ᠣᠷᠣᠨ ᠤ ᠬᠠᠷᠢᠯᠴᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠬᠤ ᠳᠤ ᠪᠠᠨ ᠥᠨᠥ ᠢᠢᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠳᠥ ᠬᠦᠷᠦᠭᠰᠡᠨ ᠨᠢ ᠥᠩᠭᠡᠷᠡᠭᠰᠡᠨ ᠬᠤᠭᠤᠴᠠᠭᠠᠨ ᠤ ᠬᠠᠷᠢᠯᠴᠠᠭᠠᠨ ᠤ ᠦᠷ᠎ᠡ ᠳ᠋ᠦᠩ ᠪᠣᠯᠬᠤ ᠢᠢ ᠳᠤᠷᠠᠳᠤᠭᠠᠳ᠂ ᠴᠢᠨᠠᠭᠰᠢᠳᠠ ᠡᠨᠡᠬᠦ ᠲᠦᠩᠰᠢᠯᠡᠯ ᠢᠶᠡᠨ ᠪᠦᠬᠦᠢ ᠯᠠ ᠲᠦᠪᠰᠢᠨ ᠳᠥ ᠲᠠᠰᠤᠷᠠᠯᠲᠠ ᠦᠭᠡᠢ ᠬᠥᠭ᠍ᠵᠢᠭᠦᠯᠵᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠪᠡᠷ ᠰᠠᠨᠠᠯ ᠨᠢᠭᠡᠳᠪᠡ᠃

 

ᠬᠤᠳᠠᠯᠳᠤᠭ᠎ᠠ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠭᠡᠬᠦ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠣᠯᠭᠤᠭᠰᠠᠨ ᠪᠤᠴᠠᠯᠲᠠ ᠦᠭᠡᠢ ᠵᠡᠭᠡᠯᠢ᠂ ᠲᠤᠰᠠᠯᠠᠮᠵᠢ ᠢᠢ ᠪᠣᠭᠣᠨᠢ ᠬᠤᠭᠤᠴᠠᠭᠠᠨ ᠳᠤ ᠦᠷ᠎ᠡ ᠳ᠋ᠦᠩ ᠲᠡᠢ ᠬᠡᠷᠡᠭᠵᠢᠭᠦᠯᠬᠦ ᠳᠥ ᠬᠣᠶᠠᠷ ᠲᠠᠯ᠎ᠠ ᠠᠴᠠ ᠪᠠᠨ ᠠᠩᠬᠠᠷᠴᠤ᠂ ᠵᠥᠪᠬᠡᠨ ᠠᠭᠤᠯᠠ ᠠᠭᠤᠷᠬᠠᠢ ᠢᠢᠨ ᠪᠦᠲᠦᠭᠡᠭ᠍ᠳᠡᠬᠦᠨ ᠪᠤᠰᠤ ᠨᠡᠮᠡᠭᠦᠦ ᠥᠷᠲᠡᠭ ᠰᠢᠩᠭᠡᠭᠡᠭ᠍ᠰᠡᠨ᠂ ᠲᠡᠭᠦᠨ ᠦ ᠳᠣᠲᠣᠷ᠎ᠠ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ ᠦ ᠡᠺᠰᠫᠣᠷᠲ ᠢ ᠨᠡᠮᠡᠭᠳᠡᠭᠦᠯᠬᠦ ᠳᠥ ᠭᠣᠣᠯᠴᠢᠯᠠᠨ ᠠᠩᠬᠠᠷᠴᠤ ᠠᠵᠢᠯᠯᠠᠬᠤ ᠪᠠᠷ ᠪᠣᠯᠤᠭᠰᠠᠨ ᠶᠤᠮ᠃ ᠲᠤᠬᠠᠢᠢᠯᠠᠪᠠᠯ᠂ ᠮᠣᠩ᠋ᠭᠣᠯ ᠤᠯᠤᠰ ᠤᠨ ᠪᠠᠷᠠᠭᠤᠨ ᠪᠦᠰᠡ ᠡᠴᠡ ᠬᠢᠲᠠᠳ ᠲᠤ ᠡᠺᠰᠫᠣᠷᠲ᠋ᠯᠠᠬᠤ ᠮᠢᠬᠠᠨ ᠤ ᠬᠣᠷᠢᠭ᠂ ᠤᠯᠤᠰ ᠤᠨ ᠵᠡᠭᠦᠨ ᠪᠣᠯᠤᠨ ᠪᠠᠷᠠᠭᠤᠨ ᠪᠦᠰᠡ ᠡᠴᠡ ᠬᠥᠳᠡᠭᠡ ᠠᠵᠤ ᠠᠬᠤᠢ ᠢᠢᠨ ᠭᠠᠷᠤᠯ ᠲᠠᠢ ᠪᠦᠲᠦᠭᠡᠭ᠍ᠳᠡᠬᠦᠨ ᠢ ᠡᠺᠰᠫᠣᠷᠲ᠋ᠯᠠᠬᠤ ᠨᠥᠬᠥᠴᠡᠯ ᠢ ᠪᠦᠷᠢᠳᠦᠭᠦᠯᠬᠦ ᠵᠡᠷᠭᠡ ᠰᠠᠨᠠᠯ ᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠬᠦᠯᠢᠶᠡᠨ ᠠᠪᠴᠤ᠂ ᠡᠨᠡ ᠬᠦᠷᠢᠶᠡᠨ ᠳᠥ ᠠᠵᠢᠯ ᠤᠨ ᠬᠡᠰᠡᠭ ᠭᠠᠷᠭᠠᠨ ᠲᠣᠳᠣᠷᠬᠠᠢ ᠠᠬᠢᠴᠠ ᠭᠠᠷᠭᠠᠬᠤ ᠪᠠᠨ ᠢᠯᠡᠷᠬᠡᠢᠢᠯᠡᠯ᠎ᠡ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠳᠡᠪᠰᠢᠭᠦᠯᠦᠭᠰᠡᠨ 《ᠵᠡᠭᠦᠨ ᠬᠣᠢᠢᠳᠤ ᠠᠽᠢᠶ᠎ᠠ ᠢᠢᠨ ᠴᠠᠬᠢᠯᠭᠠᠨ ᠡᠷᠴᠢᠮ ᠬᠦᠴᠦᠨ ᠦ ᠨᠢᠭᠡᠳᠦᠭᠰᠡᠨ ᠰᠤᠫᠧᠷ ᠰᠦᠯᠵᠢᠶ᠎ᠡ》᠂ ᠡᠨᠡᠬᠦ ᠰᠦᠯᠵᠢᠶᠡᠨ ᠦ ᠪᠦᠰᠡ ᠨᠤᠲᠤᠭ ᠤᠨ ᠪᠠᠢᠢᠭᠤᠯᠤᠯᠭ᠎ᠠ ᠢᠢ ᠪᠤᠢ ᠪᠣᠯᠭᠠᠬᠤ ᠰᠠᠨᠠᠭᠠᠴᠢᠯᠠᠭ᠎ᠠ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠳᠡᠮᠵᠢᠵᠦ ᠪᠠᠢᠢᠭ᠎ᠠ ᠬᠡᠮᠡᠨ ᠪᠠᠢᠢᠷᠢ ᠰᠠᠭᠤᠷᠢ ᠪᠠᠨ ᠢᠯᠡᠷᠬᠡᠢᠢᠯᠡᠪᠡ᠃

 

ᠳᠡᠭᠡᠷᠡᠬᠢ ᠲᠥᠰᠦᠯ ᠡᠴᠡ ᠭᠠᠳᠠᠨ᠎ᠠ ᠣᠷᠣᠰ ᠤᠨ ᠬᠣᠯᠪᠣᠭᠠᠨ ᠤ ᠤᠯᠤᠰ-ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢᠢᠨ ᠬᠣᠭᠣᠷᠣᠨᠳᠣ ᠪᠠᠢᠢᠭᠠᠯᠢ ᠢᠢᠨ ᠬᠡᠢ ᠳᠠᠮᠵᠢᠭᠤᠯᠬᠤ ᠱᠤᠭᠤᠮ᠂ ᠲᠡᠮᠦᠷ ᠵᠠᠮ ᠤᠨ ᠳᠠᠮᠵᠢᠨ ᠥᠩᠭᠡᠷᠡᠬᠦ ᠲᠡᠭᠡᠭᠡᠪᠦᠷᠢ ᠢᠢᠨ ᠬᠠᠮᠲᠤ ᠢᠢᠨ ᠠᠵᠢᠯᠯᠠᠭᠠᠨ ᠤ ᠬᠡᠯᠡᠯᠴᠡᠭᠡᠷ᠂ ᠵᠠᠷᠢᠮ ᠪᠣᠭᠣᠮᠲᠠ ᠢᠢᠨ ᠠᠵᠢᠯᠯᠠᠬᠤ ᠴᠠᠭ ᠢ ᠤᠷᠲᠤᠰᠬᠠᠬᠤ ᠵᠡᠷᠭᠡ ᠬᠣᠶᠠᠷ ᠣᠷᠣᠨ ᠤ ᠬᠤᠳᠠᠯᠳᠤᠭ᠎ᠠ ᠡᠳ᠋ ᠦᠨ ᠵᠠᠰᠠᠭ᠂ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ᠂ ᠰᠣᠶᠣᠯ ᠪᠣᠯᠪᠠᠰᠤᠷᠠᠯ᠂ ᠣᠯᠠᠨ ᠤᠯᠤᠰ᠂ ᠪᠦᠰᠡ ᠨᠤᠲᠤᠭ ᠤᠨ ᠵᠡᠷᠭᠡ ᠥᠷᠭᠡᠨ ᠰᠡᠳᠦᠪ ᠢᠶᠡᠷ ᠠᠯᠪᠠᠨ ᠶᠣᠰᠣᠨ ᠤ ᠬᠡᠯᠡᠯᠴᠡᠭᠡ ᠬᠢᠯ᠎ᠡ᠃

 

ᠬᠡᠯᠡᠯᠴᠡᠭᠡᠨ ᠦ ᠳᠠᠷᠠᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠳᠥ ᠲᠥᠷᠥ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠢᠶᠠᠨᠢᠠᠨᠢᠮᠧᠨ ᠦ ᠲᠠᠯᠠᠪᠠᠢ ᠳᠤ ᠪᠠᠢᠢᠷᠢᠯᠠᠬᠤ ᠬᠢᠲᠠᠳ ᠤᠨ ᠠᠷᠠᠳ ᠤᠨ ᠪᠠᠭᠠᠲᠤᠷ ᠤᠳ ᠤᠨ ᠬᠥᠰᠢᠶᠡᠨ ᠳᠥ ᠴᠡᠴᠡᠭ ᠡᠷᠭᠦᠬᠦ ᠶᠣᠰᠣᠯᠠᠯ ᠳᠤ ᠣᠷᠣᠯᠴᠠᠯ᠎ᠠ᠃