Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠪᠣᠯᠤᠨ ᠬᠠᠪᠰᠤᠷᠤᠨ ᠰᠠᠭᠤᠬᠤ ᠡᠯᠴᠢᠨ ᠰᠠᠢᠢᠳ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ

ᠵᠠᠷᠢᠮ ᠣᠷᠣᠨ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠪᠣᠯᠤᠨ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ ᠠ᠃

ᠪᠦᠭᠦᠳᠡ ᠨᠠᠢᠢᠷᠠᠮᠳᠠᠬᠤ ᠫᠣᠯᠢᠱ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠺᠱᠢᠱᠲ᠋ᠣᠹ ᠪᠣᠢᠢᠺᠣ᠂
ᠫᠣᠷᠲ᠋ᠤᠢᠭᠠᠯ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠽᠧ ᠠᠤᠢᠭᠤᠢᠰᠲ᠋ᠣ᠋ ᠳ᠋ᠠᠤᠢᠷᠲ᠋ᠧ᠂
ᠢᠰᠫᠠᠨᠢ ᠢᠢᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠷᠠᠹᠠᠪᠡᠧᠯ ᠳ᠋ᠧᠰᠺᠠᠯᠯᠠᠷ ᠳ᠋ᠧ ᠮᠠᠰᠠᠷᠷᠧᠳᠣ᠋᠂
ᠱᠸᠧᠢᠼᠠᠷ ᠤᠨ ᠬᠣᠯᠪᠣᠭᠠᠨ ᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠧᠷᠨᠠᠷᠳᠢᠨᠣ᠋ ᠷᠧᠭᠠᠼᠼᠣᠨᠢ᠂
ᠪᠦᠭᠦᠳᠡ ᠨᠠᠢᠢᠷᠠᠮᠳᠠᠬᠤ ᠾᠣᠷᠸᠠᠲ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠠᠷᠢᠣ᠋ ᠮᠢᠾᠧᠯᠢᠨ᠂
ᠰᠢᠨ᠎ᠡ ᠽᠧᠯᠠᠨᠳ᠋ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠬᠠᠲᠤᠭᠲᠠᠢ ᠺᠯᠧᠷ ᠫᠠᠲ᠋ᠷᠢᠼᠢᠶ᠎ᠠ ᠹᠸᠷᠨ᠋ᠯᠧᠢ᠂
ᠪᠦᠭᠦᠳᠡ ᠨᠠᠢᠢᠷᠠᠮᠳᠠᠬᠤ ᠯᠢᠸᠠᠨ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠢᠯᠢᠶ᠎ᠠ ᠵᠠᠪᠪᠦᠢᠷ᠂
ᠪᠦᠭᠦᠳᠡ ᠨᠠᠢᠢᠷᠠᠮᠳᠠᠬᠤ ᠢᠷᠡᠨ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠤᠾᠠᠮᠮᠠᠳ᠋ ᠺᠧᠱᠠᠸᠠᠷᠼ ᠺᠠᠳᠧᠾ ᠂
ᠪᠦᠭᠦᠳᠡ ᠨᠠᠢᠢᠷᠠᠮᠳᠠᠬᠤ ᠺᠢᠷᠭᠢᠽ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠬᠠᠲᠤᠭᠲᠠᠢ ᠺᠠᠨᠠᠢᠶᠢᠮ ᠳᠵᠤᠢᠮᠠᠳᠢᠯᠠᠸᠨᠣ᠋ ᠪᠠᠺᠲ᠋ᠢᠭᠦᠯᠣᠸᠠ ᠨᠠᠷ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ ᠡᠯᠴᠢᠨ ᠰᠠᠢᠢᠳ ᠢᠶᠠᠷ ᠲᠣᠮᠢᠯᠠᠭᠳᠠᠨ ᠡᠭᠦᠷᠭᠡᠳᠦ ᠠᠵᠢᠯ ᠳᠤ ᠪᠠᠨ ᠣᠷᠣᠵᠤ ᠪᠤᠢ ᠳᠤ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠨᠠᠷ ᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ ᠪᠡᠭᠡᠵᠢᠩ ᠡᠴᠡ ᠬᠠᠪᠰᠤᠷᠤᠨ ᠰᠠᠭᠤᠬᠤ ᠳᠤ ᠪᠠᠨ ᠮᠣᠩ᠋ᠭᠣᠯ ᠤᠯᠤᠰ ᠲᠠᠢ ᠡᠳ᠋ ᠍ ᠦᠨ ᠵᠠᠰᠠᠭ᠂ ᠨᠡᠢᠢᠭᠡᠮ᠂ ᠬᠦᠮᠦᠨ ᠠᠷᠠᠳ ᠤᠨ ᠢᠶᠠᠨ ᠨᠥᠬᠥᠷᠰᠡᠭ ᠬᠠᠷᠢᠯᠴᠠᠭ᠎ᠠ ᠢᠢ ᠨᠡᠮᠡᠭᠳᠡᠭᠦᠯᠬᠦ ᠢᠢᠨ ᠲᠤᠯᠠᠳᠠ ᠬᠢᠴᠢᠶᠡᠯ ᠵᠢᠳᠬᠦᠯ ᠭᠠᠷᠭᠠᠨ ᠠᠵᠢᠯᠯᠠᠬᠤ ᠢᠢ ᠬᠦᠰᠡᠯ᠎ᠡ᠃

ᠮᠥᠨ ᠡᠯᠴᠢᠨ ᠰᠠᠢᠢᠳ ᠨᠠᠷ ᠲᠠᠢ ᠨᠢᠭᠡ ᠪᠥᠷᠢᠴᠢᠯᠡᠨ ᠠᠭᠤᠯᠵᠠᠬᠤ ᠦᠶ᠎ᠡ ᠪᠡᠷ ᠢᠶᠡᠨ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ᠂ ᠠᠶᠠᠯᠠᠯ ᠵᠢᠭᠤᠯᠴᠢᠯᠠᠯ᠂ ᠡᠷᠴᠢᠮ ᠬᠦᠴᠦᠨ ᠦ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠢᠢ ᠪᠦᠷᠢᠨ ᠠᠰᠢᠭᠯᠠᠬᠤ ᠲᠠᠯ᠎ᠠ ᠪᠠᠷ ᠰᠠᠨᠠᠯ ᠰᠤᠯᠢᠯᠴᠠᠪᠠ᠃ ᠮᠥᠨ ᠳᠡᠭᠡᠷᠡᠬᠢ ᠰᠠᠯᠪᠠᠷ ᠤᠳ ᠲᠤ ᠬᠡᠷᠡᠭᠵᠢᠭᠦᠯᠬᠦ ᠪᠡᠷ ᠲᠥᠯᠥᠪᠯᠡᠭᠰᠡᠨ ᠪᠡᠯᠡᠨ ᠲᠥᠰᠥᠯ ᠦᠳ ᠢ ᠲᠠᠨᠢᠯᠴᠠᠭᠤᠯᠵᠤ᠂ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠬᠣᠯᠪᠣᠭᠳᠠᠬᠤ ᠠᠯᠪᠠᠨ ᠲᠤᠰᠢᠶᠠᠯᠲᠠ ᠨᠤᠭᠤᠳ ᠲᠠᠢ ᠠᠭᠤᠯᠵᠠᠭᠤᠯᠵᠤ᠂ ᠲᠥᠷᠥ ᠵᠠᠰᠠᠭ ᠤᠨ ᠵᠦᠭ ᠡᠴᠡ ᠳᠡᠮᠵᠢᠯᠭᠡ ᠦᠵᠡᠭᠦᠯᠦᠨ ᠠᠵᠢᠯᠯᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠪᠡ᠃