Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠥᠯᠵᠢᠯᠲᠡ ᠢᠢ ᠪᠠᠭᠤᠷᠠᠭᠤᠯᠬᠤ ᠰᠠᠩ ᠤᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠩᠭᠡᠷᠡᠭᠰᠡᠨ 4 ᠍ ᠳᠦᠭᠡᠷ ᠰᠠᠷ᠎ᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠲᠥᠷᠥ ᠢᠢᠨ ᠠᠢᠢᠯᠴᠢᠯᠠᠯ ᠬᠢᠬᠦ ᠦᠶ᠎ᠡ ᠪᠡᠷ ᠢᠶᠡᠨ ᠮᠠᠨ ᠤ ᠬᠣᠶᠠᠷ ᠤᠯᠤᠰ ᠤᠨ ᠬᠢᠯᠢ ᠣᠷᠴᠢᠮ ᠤᠨ ᠰᠢᠷ᠎ᠠ ᠰᠢᠷᠤᠢᠢᠨ ᠤ ᠰᠢᠭᠤᠷᠭ᠎ᠠ᠂ ᠴᠥᠯᠵᠢᠯᠲᠡ ᠢᠢ ᠪᠠᠭᠤᠷᠠᠭᠤᠯᠬᠤ ᠠᠰᠠᠭᠤᠳᠠᠯ ᠢᠶᠠᠷ ᠲᠤᠰ ᠤᠯᠤᠰ ᠤᠨ ᠳᠠᠷᠤᠭ᠎ᠠ ᠰᠢ ᠵᠢᠨᠫᠢᠩ ᠲᠡᠢ ᠲᠤᠬᠠᠢᠢᠯᠠᠨ ᠶᠠᠷᠢᠯᠴᠠᠭᠰᠠᠨ ᠨᠢ ᠪᠣᠭᠣᠨᠢ ᠬᠤᠭᠤᠴᠠᠭᠠᠨ ᠳᠤ ᠠᠵᠢᠯ ᠬᠡᠷᠡᠭ ᠪᠣᠯᠵᠤ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠥᠯᠵᠢᠯᠲᠡ ᠢᠢ ᠪᠠᠭᠤᠷᠠᠭᠤᠯᠬᠤ ᠰᠠᠩ ᠤᠨ ᠲᠥᠯᠥᠭᠡᠯᠡᠭᠴᠢᠳ ᠤᠯᠠᠭᠠᠨᠪᠠᠭᠠᠲᠤᠷ ᠲᠤ ᠠᠵᠢᠯᠯᠠᠵᠤ ᠪᠠᠢᠢᠨ᠎ᠠ᠃

ᠲᠤᠰ ᠰᠠᠩ ᠤᠨ ᠲᠥᠯᠥᠭᠡᠯᠡᠭᠴᠢᠳ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃

ᠰᠠᠩ ᠤᠨ ᠳᠡᠳ᠋ ᠲᠡᠷᠢᠭᠦᠨ ᠯᠶᠤ ᠵᠧᠨ ᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠬᠠᠨᠳᠤᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠢᠢᠯᠡᠭᠡᠳ ᠳᠡᠭᠡᠷᠡᠬᠢ ᠠᠵᠢᠯ ᠤᠨ ᠬᠦᠷᠢᠶᠡᠨ ᠳᠥ ᠬᠣᠶᠠᠷ ᠣᠷᠣᠨ ᠤ ᠬᠠᠮᠲᠤᠷᠠᠭᠰᠠᠨ ᠲᠥᠷᠥ ᠢᠢᠨ ᠪᠤᠰᠤ ᠪᠠᠢᠢᠭᠤᠯᠤᠯᠭ᠎ᠠ ᠪᠠᠢᠢᠭᠤᠯᠵᠤ ᠬᠠᠮᠲᠤᠷᠠᠨ ᠠᠵᠢᠯᠯᠠᠬᠤ ᠪᠣᠯᠤᠭᠰᠠᠨ ᠲᠤᠬᠠᠢ ᠪᠠᠨ ᠬᠡᠯᠡᠯ᠎ᠡ᠃

ᠮᠥᠨ ᠲᠥᠯᠥᠭᠡᠯᠡᠭᠴᠢᠳ ᠦᠨ ᠪᠠᠭ ᠲᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ  ᠡᠴᠡ ᠪᠡᠯᠡᠭ ᠪᠣᠯᠭᠠᠨ ᠤᠯᠠᠭᠠᠨᠪᠠᠭᠠᠲᠤᠷ ᠲᠤ ᠪᠠᠷᠢᠵᠤ ᠥᠭ᠍ᠬᠦ ᠤᠰᠤᠨ ᠪᠠᠰᠰᠧᠢᠢᠨ ᠤ ᠠᠵᠢᠯ ᠤᠨ ᠬᠡᠰᠡᠭ ᠦᠨ ᠬᠢᠨ ᠪᠠᠭᠠᠳᠴᠤ ᠢᠷᠡᠭᠰᠡᠨ ᠪᠥᠭᠡᠳ ᠤᠰᠤᠨ ᠪᠠᠰᠰᠧᠢᠢᠨ ᠢ ᠴᠠᠭ ᠬᠤᠭᠤᠴᠠᠭᠠᠨ ᠳᠤ ᠨᠢ ᠬᠦᠯᠢᠶᠡᠯᠭᠡᠨ ᠥᠭ᠍ᠭᠦᠨ᠎ᠡ ᠭᠡᠯ᠎ᠡ᠃