Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠮᠠᠷᠱ ᠲᠤᠰᠬᠠᠢ ᠪᠡᠯᠡᠳᠬᠡᠯ ᠦᠨ ᠲᠡᠮᠡᠴᠡᠭᠡᠨ ᠦ ᠨᠡᠭᠡᠭᠡᠯᠲᠡ ᠳᠥ ᠣᠷᠣᠯᠴᠠᠵᠤ᠂ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠶᠢᠨ ᠨᠡᠷᠡᠮᠵᠢᠲᠦ ᠮᠠᠷᠱ ᠲᠠᠺᠲ᠋ᠢᠺ᠂ ᠲᠤᠰᠬᠠᠢ ᠪᠡᠯᠡᠳᠬᠡᠯ ᠦᠨ ᠲᠡᠮᠡᠴᠡᠭᠡᠨ ᠥᠨᠥᠳᠥᠷ ᠲᠠᠪᠤᠨᠲᠣᠯᠣᠭᠠᠢ ᠳ᠋ᠠᠬᠢ ᠵᠡᠪᠰᠡᠭᠲᠦ ᠬᠦᠴᠦᠨ ᠦ 311 ᠍ ᠳᠦᠭᠡᠷ ᠠᠩᠬᠢ ᠶᠢᠨ ᠰᠤᠷᠭᠠᠯᠲᠠ ᠶᠢᠨ ᠨᠢᠭᠡᠳᠦᠭᠰᠡᠨ ᠲᠥᠪ ᠲᠥ ᠡᠬᠢᠯᠡᠯ᠎ᠡ᠃

 

ᠡᠨᠡ ᠤᠳᠠᠭ᠎ᠠ ᠶᠢᠨ ᠲᠡᠮᠡᠴᠡᠭᠡᠨ ᠳᠥ ᠦᠨᠳᠦᠰᠦᠨ ᠦ ᠠᠶᠤᠯ ᠦᠭᠡᠢ ᠪᠠᠶᠢᠳᠠᠯ ᠢ ᠬᠠᠩ᠋ᠭᠠᠬᠤ ᠲᠤᠰᠬᠠᠶᠢᠯᠠᠭᠰᠠᠨ ᠴᠢᠭ᠌ ᠡᠭᠦᠷᠭᠡ ᠪᠦᠬᠦᠢ ᠲᠥᠷᠥ ᠶᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠵᠡᠪᠰᠡᠭᠲᠦ ᠬᠦᠴᠦᠨ ᠦ ᠵᠠᠩᠵᠤᠨ ᠱᠲ᠋ᠠᠪ᠂ ᠬᠢᠯᠢ ᠬᠠᠮᠠᠭᠠᠯᠠᠬᠤ ᠶᠡᠷᠦᠩᠬᠡᠢ ᠭᠠᠵᠠᠷ᠂ ᠳᠣᠲᠣᠭᠠᠳᠤ ᠶᠢᠨ ᠴᠡᠷᠢᠭ᠂ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠰᠢᠭᠦᠬᠦ ᠶᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ᠂ ᠲᠠᠩᠨᠠᠭᠤᠯ ᠤᠨ ᠶᠡᠷᠦᠩᠬᠡᠢ ᠭᠠᠵᠠᠷ᠂ ᠦᠨᠳᠦᠰᠦᠨ ᠦ ᠪᠠᠲᠤᠯᠠᠨ ᠬᠠᠮᠠᠭᠠᠯᠠᠬᠤ ᠶᠢᠨ ᠶᠡᠬᠡ ᠰᠤᠷᠭᠠᠭᠤᠯᠢ᠂ ᠳᠣᠲᠣᠭᠠᠳᠤ ᠬᠡᠷᠡᠭ ᠦᠨ ᠶᠡᠬᠡ ᠰᠤᠷᠭᠠᠭᠤᠯᠢ ᠵᠡᠷᠭᠡ ᠨᠡᠶᠢᠲᠡ 8 ᠪᠠᠶᠢᠭᠤᠯᠤᠯᠭ᠎ᠠ ᠶᠢᠨ 19 ᠪᠠᠭ ᠤᠨ 500 ᠭᠠᠷᠤᠢ ᠲᠠᠮᠢᠷᠴᠢᠨ᠂ ᠠᠯᠪᠠ ᠬᠠᠭᠠᠭᠴᠢ ᠣᠷᠣᠯᠴᠠᠵᠤ ᠪᠠᠶᠢᠨ᠎ᠠ᠃

 

ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠮᠡᠳᠡᠭᠡᠯᠡᠭᠰᠡᠨ ᠢᠶᠡᠷ ᠮᠠᠷᠱ ᠲᠠᠺᠲ᠋ᠢᠺ᠂ ᠲᠤᠰᠬᠠᠢ ᠪᠡᠯᠡᠳᠬᠡᠯ ᠦᠨ ᠲᠡᠮᠡᠴᠡᠭᠡᠨ ᠨᠢ ᠵᠢᠭ᠌ᠰᠠᠭᠠᠯ ᠤᠨ ᠪᠡᠯᠡᠳᠬᠡᠯ᠂ ᠪᠤᠤᠳᠠᠯᠭ᠎ᠠ᠂ ᠰᠠᠭᠠᠳ ᠲᠠᠢ ᠵᠤᠷᠪᠤᠰ᠂ ᠬᠥᠨᠦᠭᠡᠯ ᠦᠨ ᠭᠣᠯᠣᠮᠲᠠ ᠳᠤ ᠠᠵᠢᠯᠯᠠᠬᠤ ᠭᠡᠬᠦ ᠮᠡᠲᠦ ᠣᠯᠠᠨ ᠲᠥᠷᠦᠯ ᠢᠶᠡᠷ ᠦᠷᠭᠦᠯᠵᠢᠯᠡᠵᠦ ᠠᠯᠪᠠ ᠬᠠᠭᠠᠭᠴᠢᠳ ᠠᠴᠠ ᠴᠡᠷᠢᠭ ᠦᠨ ᠪᠡᠯᠡᠳᠬᠡᠯ ᠰᠤᠷᠭᠠᠭᠤᠯᠢᠯᠠᠯᠲᠠ᠂ ᠪᠡᠶ᠎ᠡ ᠪᠢᠯᠳᠠᠷ᠂ ᠰᠡᠳᠬᠢᠯ ᠵᠦᠢ ᠶᠢᠨ ᠲᠡᠰᠪᠦᠷᠢ ᠲᠡᠪᠴᠢᠶᠡᠷᠢ᠂ ᠤᠷ᠎ᠠ ᠴᠢᠳᠠᠪᠤᠷᠢ ᠱᠠᠭᠠᠷᠳᠠᠭᠰᠠᠨ ᠣᠯᠠᠨ ᠰᠣᠷᠢᠯ ᠲᠠᠢ ᠶᠤᠮ ᠪᠠᠶᠢᠨ᠎ᠠ᠃

 

ᠲᠡᠮᠡᠴᠡᠭᠡᠨ ᠦ ᠨᠡᠭᠡᠭᠡᠯᠲᠡ ᠳᠥ ᠮᠣᠩ᠋ᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠪᠠᠲᠤᠯᠠᠨ ᠬᠠᠮᠠᠭᠠᠯᠠᠬᠤ ᠪᠣᠳᠣᠯᠭ᠎ᠠ᠂ ᠠᠶᠤᠯ ᠦᠭᠡᠢ ᠪᠠᠶᠢᠳᠠᠯ ᠤᠨ ᠠᠰᠠᠭᠤᠳᠠᠯ ᠬᠠᠷᠢᠭᠤᠴᠠᠭᠰᠠᠨ ᠵᠦᠪᠯᠡᠬᠦ᠂ ᠳᠡᠰᠯᠡᠭᠴᠢ ᠭᠧᠨᠧᠷᠠᠯ ᠲ ∙ ᠳᠠᠪᠠᠭ᠎ᠠ᠂ ᠪᠠᠲᠤᠯᠠᠨ ᠬᠠᠮᠠᠭᠠᠯᠠᠬᠤ ᠶᠢᠨ ᠰᠠᠶᠢᠳ ᠨ ∙ ᠡᠩᠬᠡᠪᠣᠯᠤᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠬᠣᠰᠢᠭᠤᠴᠢ ᠭᠧᠨᠧᠷᠠᠯ ᠠ᠊ ∙ ᠭᠠᠩᠪᠠᠲᠤ᠂ ᠲᠥᠷᠥ ᠶᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ ᠣᠷᠣᠯᠴᠠᠯ᠎ᠠ᠃

 

ᠲᠡᠮᠡᠴᠡᠭᠡᠨ ᠦ ᠨᠡᠭᠡᠭᠡᠯᠲᠡ ᠶᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠄

 

ᠡᠷᠬᠢᠮ ᠭᠧᠨᠧᠷᠠᠯ᠂ ᠣᠹᠢᠼᠧᠷ᠂ ᠠᠬᠠᠯᠠᠭᠴᠢ᠂ ᠲᠦᠷᠦᠭᠦᠴᠢ᠂ ᠪᠠᠶᠢᠯᠳᠤᠭᠴᠢᠳ᠂ ᠬᠦᠨᠳᠦᠲᠦ ᠵᠣᠴᠢᠳ ᠲᠥᠯᠥᠭᠡᠯᠡᠭᠴᠢᠳ ᠦᠨ ᠠᠮᠤᠷ ᠢ ᠡᠷᠢᠶ᠎ᠡ᠃

 

ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠶᠢᠨ ᠨᠡᠷᠡᠮᠵᠢᠲᠦ ᠮᠠᠷᠱ ᠲᠤᠰᠬᠠᠢ ᠪᠡᠯᠡᠳᠬᠡᠯ ᠦᠨ ᠴᠣᠭᠴᠠᠯᠠᠪᠤᠷᠢ ᠲᠡᠮᠡᠴᠡᠭᠡᠨ ᠳᠥ ᠰᠢᠯᠭᠠᠷᠠᠨ ᠣᠷᠣᠯᠴᠠᠵᠤ ᠪᠠᠶᠢᠭ᠎ᠠ ᠨᠡᠶᠢᠲᠡ ᠪᠠᠭ ᠲᠠᠮᠢᠷᠴᠢᠳ ᠲᠤ ᠪᠠᠶᠠᠷ ᠬᠦᠷᠭᠡᠵᠦ᠂ ᠠᠮᠵᠢᠯᠲᠠ ᠬᠦᠰᠡᠶ᠎ᠡ᠃

 

ᠲᠥᠷᠦ ᠶᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠥ ᠡᠨᠡ ᠬᠦ ᠮᠠᠷᠱ ᠲᠤᠰᠬᠠᠢ ᠪᠡᠯᠡᠳᠬᠡᠯ ᠦᠨ ᠲᠡᠮᠡᠴᠡᠭᠡᠨ ᠴᠢᠬᠤᠯᠠ ᠠᠴᠢ ᠬᠣᠯᠪᠣᠭᠳᠠᠯ ᠲᠠᠢ ᠪᠥᠭᠡᠳ ᠲᠡᠮᠡᠴᠡᠭᠡᠨ ᠦ ᠴᠠᠷ᠎ᠠ ᠬᠦᠷᠢᠶ᠎ᠡ ᠵᠢᠯ ᠢᠷᠡᠬᠦ ᠲᠤᠰᠤᠮ ᠨᠡᠮᠡᠭᠳᠡᠵᠦ᠂ ᠠᠯᠪᠠ ᠬᠠᠭᠠᠭᠴᠢᠳ ᠢᠳᠡᠪᠬᠢᠲᠡᠢ ᠣᠷᠣᠯᠴᠠᠬᠤ ᠪᠣᠯᠤᠭᠰᠠᠨ ᠨᠢ ᠰᠠᠶᠢᠰᠢᠶᠠᠯᠲᠠᠢ ᠬᠡᠷᠡᠭ ᠶᠤᠮ᠃

 

ᠮᠣᠩ᠋ᠭᠣᠯ ᠤᠨ ᠴᠡᠷᠢᠭ ᠦᠨ ᠪᠣᠯᠤᠨ ᠬᠠᠤᠯᠢ ᠰᠠᠬᠢᠭᠤᠯᠬᠤ ᠠᠯᠪᠠ ᠬᠠᠭᠠᠭᠴᠢᠳ ᠳᠡᠯᠡᠬᠡᠢ ᠶᠢᠨ ᠬᠠᠯᠠᠭᠤᠨ ᠴᠡᠭᠡ ᠨᠦᠭᠦᠳ ᠲᠥ ᠡᠭᠦᠷᠭᠡ ᠭᠦᠢᠴᠡᠳᠭᠡᠬᠦ ᠶᠠᠪᠤᠴᠠ ᠳᠤ ᠪᠠᠨ ᠬᠠᠷᠢᠭᠤᠴᠠᠯᠭ᠎ᠠ᠂ ᠲᠡᠰᠪᠦᠷᠢ ᠬᠠᠲᠠᠭᠤᠵᠢᠯ᠂ ᠤᠷ᠎ᠠ ᠴᠢᠳᠠᠪᠤᠷᠢ ᠪᠠᠷ ᠢᠶᠠᠨ ᠭᠠᠶᠢᠬᠠᠭᠳᠠᠵᠤ ᠪᠠᠶᠢᠳᠠᠭ ᠤᠨ ᠨᠢᠭᠡᠨ ᠰᠢᠯᠲᠠᠭᠠᠨ ᠨᠢ ᠪᠠᠶᠢᠩ᠋ᠭᠤ ᠶᠢᠨ ᠪᠡᠯᠡᠳᠬᠡᠯ ᠰᠤᠷᠭᠠᠭᠤᠯᠢᠯᠠᠯᠲᠠ᠂ ᠬᠠᠷᠢᠯᠴᠠᠨ ᠠᠵᠢᠯᠯᠠᠭ᠎ᠠ ᠶᠢ ᠪᠤᠢ ᠪᠣᠯᠭᠠᠳᠠᠭ ᠮᠠᠷᠱ ᠲᠤᠰᠬᠠᠢ ᠪᠡᠯᠡᠳᠬᠡᠯ ᠦᠨ ᠴᠣᠭᠴᠠᠯᠠᠪᠤᠷᠢ ᠲᠡᠮᠡᠴᠡᠭᠡᠨ ᠭᠡᠵᠦ ᠬᠡᠯᠡᠵᠦ ᠪᠣᠯᠤᠨ᠎ᠠ᠃

 

ᠡᠨᠡ ᠲᠡᠮᠡᠴᠡᠭᠡᠨ ᠳᠥ ᠲᠦᠷᠦᠭᠦᠯᠬᠦ ᠨᠢ ᠴᠢᠬᠤᠯᠠ ᠬᠡᠳᠦᠢ ᠴᠤ ᠣᠷᠣᠯᠴᠠᠬᠤ᠂ ᠪᠠᠭ ᠤᠨ ᠠᠵᠢᠯᠯᠠᠭ᠎ᠠ ᠶᠢ ᠪᠠᠨ ᠴᠢᠳᠠᠪᠤᠷᠢᠵᠢᠭᠤᠯᠬᠤ᠂ ᠪᠡᠶ᠎ᠡ ᠪᠦᠷᠢᠯᠳᠦᠬᠦᠨ ᠢᠶᠡᠨ ᠰᠣᠷᠢᠬᠤ᠂ ᠬᠠᠲᠠᠭᠤᠵᠢᠭᠤᠯᠬᠤ ᠨᠢ ᠨᠡᠩ ᠲᠡᠷᠢᠭᠦᠨ ᠦ ᠵᠣᠷᠢᠯᠲᠠ ᠶᠤᠮ᠃ ᠲᠠᠶᠢᠪᠤᠩ ᠴᠠᠭ ᠲᠤ ᠬᠥᠯᠦᠰᠦ ᠶᠡᠬᠡ ᠠᠰᠬᠠᠪᠠᠯ ᠳᠠᠶᠢᠨ ᠤ ᠴᠠᠭ ᠲᠤ ᠴᠢᠰᠤ ᠪᠠᠭ᠎ᠠ ᠤᠷᠤᠰᠤᠨ᠎ᠠ ᠭᠡᠵᠦ ᠮᠡᠷᠭᠡᠨ ᠦᠭᠡ ᠪᠠᠶᠢᠳᠠᠭ᠃ ᠪᠠᠶᠢᠩ᠋ᠭᠤ ᠶᠢᠨ ᠪᠡᠯᠡᠳᠬᠡᠯ ᠰᠤᠷᠭᠠᠭᠤᠯᠢᠯᠠᠯᠲᠠ᠂ ᠶᠠᠮᠠᠷ ᠴᠤ ᠰᠣᠷᠢᠯᠲᠠᠳ ᠪᠡᠯᠡᠨ ᠪᠠᠶᠢᠬᠤ ᠴᠢᠳᠠᠪᠤᠷᠢ ᠪᠣᠯ ᠤᠯᠤᠰ ᠣᠷᠣᠨ ᠢ ᠪᠠᠲᠤᠯᠠᠨ ᠬᠠᠮᠠᠭᠠᠯᠠᠬᠤ᠂ ᠬᠠᠤᠯᠢ ᠰᠠᠬᠢᠭᠤᠯᠬᠤ ᠡᠭᠦᠷᠭᠡ ᠪᠡᠨ ᠬᠠᠷᠢᠭᠤᠴᠠᠯᠭ᠎ᠠ ᠲᠠᠢ ᠪᠠᠷ ᠪᠡᠶᠡᠯᠡᠭᠦᠯᠬᠦ ᠶᠢᠨ ᠦᠨᠳᠦᠰᠦ ᠶᠢᠨ ᠦᠨᠳᠦᠰᠦ ᠭᠡᠳᠡᠭ ᠢ ᠢᠮᠠᠭᠲᠠ ᠰᠠᠨᠠᠵᠤ ᠶᠠᠪᠤᠭᠠᠷᠠᠢ᠃

 

ᠨᠡᠶᠢᠲᠡ ᠪᠠᠭ ᠲᠠᠮᠢᠷᠴᠢᠳ ᠲᠤ ᠳᠠᠬᠢᠨ ᠥᠨᠳᠦᠷ ᠠᠮᠵᠢᠯᠲᠠ ᠬᠦᠰᠡᠶ᠎ᠡ᠃

 

ᠮᠣᠩ᠋ᠭᠣᠯ ᠴᠡᠷᠢᠭ ᠦᠨ ᠰᠦᠷ ᠬᠦᠴᠦ᠂ ᠢᠷᠠᠭᠤ ᠠᠯᠳᠠᠷ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃