Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠳᠠᠬᠢ ᠨᠠᠷᠠ᠂ ᠰᠠᠯᠬᠢᠨ ᠤ ᠡᠷᠴᠢᠮ ᠬᠦᠴᠦᠨ ᠦ ᠨᠥᠭᠡᠴᠡ ᠢᠢ ᠠᠰᠢᠭᠯᠠᠬᠤ ᠠᠰᠠᠭᠤᠳᠠᠯ ᠢᠶᠠᠷ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ ᠬᠤᠷᠠᠯ ᠦᠷᠭᠦᠯᠵᠢᠯᠡᠵᠦ ᠪᠠᠢᠢᠨ᠎ᠠ

ᠰᠲ᠋ᠷᠠᠲ᠋ᠧᠭᠢ  ᠰᠤᠳᠤᠯᠭᠠᠨ ᠤ ᠬᠦᠷᠢᠶᠡᠯᠡᠩ᠂ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤ ᠬᠠᠮᠲᠤᠷᠠᠨ ᠵᠣᠬᠢᠶᠠᠨ ᠪᠠᠢᠢᠭᠤᠯᠳᠠᠭ ᠵᠡᠭᠦᠨ ᠬᠣᠢᠢᠳᠤ ᠠᠽᠢᠶ᠎ᠠ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯ ᠢᠢᠠᠷ ᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ VI ᠪᠠᠭ᠎ᠠ ᠬᠤᠷᠠᠯ ᠤᠯᠠᠭᠠᠨᠪᠠᠭᠠᠲᠤᠷ ᠲᠤ ᠬᠣᠲᠠ ᠳᠤ ᠥᠨᠥᠳᠥᠷ ᠡᠬᠢᠯᠡᠯ᠎ᠡ᠃

 

ᠡᠨᠡ ᠤᠳᠠᠭ᠎ᠠ ᠢᠢᠨ ᠣᠯᠠᠨ ᠤᠯᠤᠰ ᠤᠨ ᠬᠤᠷᠠᠯ ᠳᠤ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠤᠰ ᠤᠯᠤᠰ᠂ ᠶᠠᠫᠣᠨ᠂ ᠺᠠᠨᠠᠳ᠋᠂ ᠱᠸᠧᠳ᠋ ᠵᠡᠷᠭᠡ 15 ᠤᠯᠤᠰ ᠤᠨ ᠵᠠᠰᠠᠭ ᠤᠨ ᠭᠠᠵᠠᠷ ᠤᠨ ᠲᠥᠯᠥᠭᠡᠯᠡᠭᠴᠢ᠂ ᠡᠷᠳᠡᠮᠲᠡᠨ ᠰᠤᠳᠤᠯᠤᠭᠠᠴᠢᠳ᠂ ᠮᠥᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠧᠦ᠋ᠷᠣᠫᠠ ᠢᠢᠨ ᠬᠣᠯᠪᠣᠭ᠎ᠠ᠂ ᠣᠯᠠᠨ ᠤᠯᠤᠰ ᠤᠨ ᠤᠯᠠᠭᠠᠨ ᠵᠠᠭᠠᠯᠮᠠᠢ ᠨᠡᠢᠢᠭᠡᠮᠯᠢᠭ᠌ ᠦᠨ ᠲᠥᠯᠥᠭᠡᠯᠡᠭᠴᠢᠳ ᠣᠷᠣᠯᠴᠠᠵᠤ᠂ ᠭᠠᠳᠠᠭᠠᠳᠤ ᠢᠢᠨ 20 ᠭᠠᠷᠤᠢ ᠬᠡᠪᠯᠡᠯ᠂ ᠮᠡᠳᠡᠭᠡᠯᠡᠯ ᠦᠨ ᠪᠠᠢᠢᠭᠤᠯᠤᠯᠭ᠎ᠠ ᠬᠤᠷᠠᠯ ᠤᠨ ᠦᠢᠯᠡ ᠠᠵᠢᠯᠯᠠᠭ᠎ᠠ ᠢᠢ ᠰᠤᠷᠪᠤᠯᠵᠢᠯᠠᠵᠤ ᠪᠠᠢᠢᠨ᠎ᠠ᠃

 

ᠬᠤᠷᠠᠯ ᠳᠤ ᠣᠷᠣᠯᠴᠠᠵᠤ ᠪᠤᠢ 200 ᠭᠠᠷᠤᠢ ᠲᠥᠯᠥᠭᠡᠯᠡᠭᠴᠢ ᠵᠡᠭᠦᠨ ᠬᠣᠢᠢᠳᠤ ᠠᠽᠢᠶ᠎ᠠ ᠢᠢᠨ ᠠᠶᠤᠯ ᠦᠭᠡᠢ ᠪᠠᠢᠢᠳᠠᠯ ᠤᠨ ᠪᠣᠯᠤᠮᠵᠢ᠂ ᠰᠣᠷᠢᠯᠲᠠ ᠨᠤᠭᠤᠳ᠂ ᠪᠥᠰᠡ ᠨᠤᠲᠤᠭ ᠤᠨ ᠣᠷᠣᠨ ᠨᠤᠭᠤᠳ ᠤᠨ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠪᠣᠳᠣᠯ ᠢᠶᠠᠨ ᠰᠤᠯᠢᠯᠴᠠᠬᠤ ᠶᠤᠮ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠰᠠᠨᠠᠭᠠᠴᠢᠯᠠᠭᠰᠠᠨ ᠵᠡᠭᠦᠨ ᠬᠣᠢᠢᠳᠤ ᠠᠽᠢᠶ᠎ᠠ ᠢᠢᠨ ᠡᠷᠴᠢᠮ ᠬᠦᠴᠦᠨ ᠦ ᠨᠢᠭᠡᠳᠦᠭᠰᠡᠨ ᠰᠦᠯᠵᠢᠶ᠎ᠡ ᠪᠠᠢᠢᠭᠤᠯᠬᠤ᠂ ᠮᠣᠩ᠋ᠭᠣᠯ ᠤᠯᠤᠰ ᠳᠠᠬᠢ ᠨᠠᠷᠠ᠂ ᠰᠠᠯᠬᠢᠨ ᠤ ᠡᠷᠴᠢᠮ ᠬᠦᠴᠦᠨ ᠦ ᠠᠷᠪᠢᠨ ᠶᠡᠬᠡ ᠨᠥᠭᠡᠴᠡ ᠢᠢ ᠠᠰᠢᠭᠯᠠᠬᠤ ᠠᠰᠠᠭᠤᠳᠠᠯ ᠡᠨᠡ ᠤᠳᠠᠭ᠎ᠠ ᠢᠢᠨ ᠬᠤᠷᠠᠯ ᠤᠨ ᠭᠣᠣᠯ ᠰᠡᠳᠦᠪ ᠪᠠᠢᠢᠬᠤ ᠶᠤᠮ᠃

 

《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ VI ᠪᠠᠭ᠎ᠠ ᠬᠤᠷᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠦᠷᠭᠡᠭᠦᠯᠦᠭᠰᠡᠨ ᠢᠯᠡᠭᠡᠯᠲᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠠᠭᠠᠷ ᠵ ∙ ᠡᠩᠬᠡᠪᠣᠯᠤᠳ ᠤᠩᠰᠢᠵᠤ ᠲᠠᠨᠢᠯᠴᠠᠭᠤᠯᠤᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠯᠡᠭᠡᠯᠲᠡ ᠳᠦᠷ ᠄

ᠡᠷᠬᠢᠮ ᠬᠦᠨᠳᠦᠳᠦ ᠵᠣᠴᠢᠳ᠂ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

 

ᠵᠡᠭᠦᠨ ᠬᠣᠢᠢᠳᠤ ᠠᠽᠢᠶ᠎ᠠ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠬᠤᠪᠢ ᠨᠡᠮᠡᠷᠢ ᠤᠷᠤᠭᠤᠯᠬᠤ ᠨᠢ ᠮᠣᠩ᠋ᠭᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠵᠣᠷᠢᠯᠲᠠ ᠢᠢᠨ ᠨᠢᠭᠡ ᠪᠠᠢᠢᠭᠰᠠᠭᠠᠷ ᠢᠷᠡᠭᠰᠡᠨ᠃ ᠶᠠᠷᠢᠶ᠎ᠠ ᠬᠡᠯᠡᠯᠴᠡᠭᠡᠷ ᠦᠨ ᠲᠠᠢᠢᠪᠤᠩ ᠵᠠᠮ ᠢᠶᠠᠷ ᠰᠣᠯᠣᠩ᠋ᠭᠣᠰ ᠤᠨ ᠬᠣᠢᠢᠭ ᠢ ᠴᠥᠮ᠎ᠡ ᠢᠢᠨ ᠵᠡᠪᠰᠡᠭ ᠡᠴᠡ ᠠᠩᠭᠢᠵᠢᠷᠠᠭᠤᠯᠬᠤ᠂ ᠪᠥᠰᠡ ᠨᠤᠲᠤᠭ ᠤᠨ ᠪᠤᠰᠤᠳ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠪᠠᠢᠢᠷᠢ ᠰᠠᠭᠤᠷᠢ ᠢᠢ ᠮᠣᠩ᠋ᠭᠣᠯ ᠤᠯᠤᠰ ᠪᠠᠷᠢᠮᠲᠠᠯᠠᠳᠠᠭ ᠪᠠ ᠪᠥᠭᠥᠳᠡᠭᠡᠷ ᠢᠶᠡᠨ ᠬᠡᠯᠡᠯᠴᠡᠪᠡᠯ ᠪᠤᠷᠤᠭᠤ ᠦᠭᠡᠢ ᠭᠡᠰᠡᠨ ᠵᠠᠷᠴᠢᠮ ᠢᠶᠠᠷ ᠠᠯᠢᠪᠠ ᠮᠠᠷᠭᠤᠭᠠᠨ ᠢ ᠰᠢᠢᠳᠪᠦᠷᠢᠯᠡᠵᠦ ᠪᠣᠯᠤᠨ᠎ᠠ ᠭᠡᠳᠡᠭ ᠲᠥ ᠪᠢᠳᠡ ᠢᠲᠡᠭᠡᠳᠡᠭ᠃

 

ᠡᠭᠦᠨ ᠡᠴᠡ ᠤᠯᠪᠠᠭᠠᠯᠠᠨ ᠮᠣᠩ᠋ᠭᠣᠯ ᠤᠯᠤᠰ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ᠢᠢ ᠵᠢᠷᠭᠤᠭᠠᠨ ᠵᠢᠯ ᠦᠨ ᠡᠮᠦᠨ᠎ᠡ ᠰᠠᠨᠠᠭᠠᠴᠢᠯᠠᠨ ᠡᠬᠢᠯᠡᠭᠦᠯᠦᠭᠰᠡᠨ᠃ ᠡᠳᠦᠭᠡ ᠤᠭ ᠰᠠᠨᠠᠭᠠᠴᠢᠯᠠᠭ᠎ᠠ ᠨᠢ ᠪᠥᠰᠡ ᠨᠤᠲᠤᠭ ᠤᠨ ᠠᠶᠤᠯ ᠦᠭᠡᠢ ᠪᠠᠢᠢᠳᠠᠯ ᠲᠡᠳᠦᠢ ᠦᠭᠡᠢ᠂ ᠡᠷᠴᠢᠮ ᠬᠦᠴᠦ᠂ ᠳᠡᠳ᠋ ᠪᠦᠲᠦᠴᠡ᠂ ᠬᠦᠷᠢᠶᠡᠯᠡᠩ ᠪᠤᠢ ᠣᠷᠴᠢᠨ᠂ ᠬᠦᠮᠦᠨ ᠦ ᠠᠶᠤᠯ ᠦᠭᠡᠢ ᠪᠠᠢᠢᠳᠠᠯ ᠵᠡᠷᠭᠡ ᠠᠰᠠᠭᠤᠳᠠᠯ ᠢ ᠬᠡᠯᠡᠯᠴᠡᠳᠡᠭ ᠴᠢᠬᠤᠯᠠ ᠲᠠᠯᠠᠪᠤᠷ ᠪᠣᠯᠵᠤ ᠥᠷᠭᠡᠵᠢᠭᠰᠡᠨ ᠪᠠᠢᠢᠨ᠎ᠠ᠃ ᠡᠨᠡ ᠵᠢᠯ 6 ᠳ᠋ᠤᠭᠠᠷ ᠬᠤᠷᠠᠯ ᠢᠶᠠᠷ ᠪᠥᠰᠡ ᠨᠤᠲᠤᠭ ᠤᠨ ᠤᠯᠤᠰ ᠲᠥᠷᠥ᠂ ᠠᠶᠤᠯ ᠦᠭᠡᠢ ᠪᠠᠢᠢᠳᠠᠯ ᠤᠨ ᠲᠥᠯᠥᠪ᠂ ᠪᠣᠯᠤᠮᠵᠢ᠂ ᠰᠣᠷᠢᠯᠲᠠ ᠨᠤᠭᠤᠳ ᠢ ᠬᠡᠯᠡᠯᠴᠡᠬᠦ ᠢᠢᠨ ᠵᠡᠷᠭᠡᠴᠡᠭᠡ ᠵᠡᠭᠦᠨ ᠬᠣᠢᠢᠳᠤ ᠠᠽᠢᠶ᠎ᠠ ᠢᠢᠨ ᠡᠷᠴᠢᠮ ᠬᠦᠴᠦᠨ ᠦ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠲᠦᠯᠬᠢᠭᠦᠦ ᠠᠩᠬᠠᠷᠴᠤ ᠪᠠᠢᠢᠭ᠎ᠠ ᠢᠢ ᠲᠡᠮᠳᠡᠭᠯᠡᠭᠦᠰᠢᠲᠡᠢ᠃

 

ᠪᠥᠰᠡ ᠨᠤᠲᠤᠭ ᠤᠨ ᠡᠳ᠋ ᠍ ᠦᠨ ᠵᠠᠰᠠᠭ ᠤᠨ ᠤᠶᠠᠯᠳᠤᠭ᠎ᠠ ᠢᠢ ᠪᠡᠬᠢᠵᠢᠭᠦᠯᠬᠦ ᠲᠣᠮᠣᠬᠠᠨ ᠳᠡᠪᠰᠢᠯᠲᠡ ᠨᠦᠭᠦᠳ ᠭᠠᠷᠴᠤ ᠪᠤᠢ ᠡᠨᠡ ᠴᠠᠭ ᠮᠥᠴᠡ ᠳᠥ ᠥᠨᠥᠳᠥᠷ ᠦᠨ ᠬᠤᠷᠠᠯ ᠪᠣᠯᠵᠤ ᠪᠠᠢᠢᠨ᠎ᠠ᠃

 

ᠤᠯᠤᠰ ᠣᠷᠣᠨ ᠨᠤᠭᠤᠳ ᠴᠡᠪᠡᠷ ᠡᠷᠴᠢᠮ ᠬᠦᠴᠦᠨ ᠦ ᠬᠡᠷᠡᠭᠯᠡᠭᠡ ᠪᠡᠨ ᠳᠡᠮᠵᠢᠵᠦ ᠨᠡᠮᠡᠭᠳᠡᠭᠦᠯᠬᠦ ᠨᠢ ᠡᠷᠴᠢᠮ ᠬᠦᠴᠦᠨ ᠦ ᠠᠶᠤᠯ ᠦᠭᠡᠢ ᠪᠠᠢᠢᠳᠠᠯ ᠢᠶᠠᠨ ᠪᠡᠬᠢᠵᠢᠭᠦᠯᠬᠦ ᠪᠣᠯᠤᠮᠵᠢ ᠪᠣᠯᠵᠤ ᠪᠤᠢ ᠢᠢ ᠣᠯᠠᠨ ᠤᠯᠤᠰ ᠤᠨ ᠰᠡᠷᠬᠦᠭᠡᠭ᠍ᠳᠡᠬᠦ ᠡᠷᠴᠢᠮ ᠬᠦᠴᠦᠨ ᠦ ᠠᠭᠧᠨ᠋ᠲ᠋ᠯᠢᠭ (IRENA) ᠍ ᠠᠴᠠ ᠰᠠᠶᠢᠬᠠᠨ ᠭᠠᠷᠭᠠᠭᠰᠠᠨ 《ᠰᠢᠨ᠎ᠡ ᠳᠡᠯᠡᠬᠡᠢ-ᠡᠷᠴᠢᠮ ᠬᠦᠴᠦᠨ ᠦ ᠰᠢᠨᠡᠴᠢᠯᠡᠯ ᠦᠨ ᠭᠧᠣᠫᠣᠯᠢᠲ᠋ᠢᠭ》 ᠲᠠᠢᠢᠯᠤᠨ ᠳᠤ ᠳᠤᠷᠠᠳᠴᠠᠢ᠃ ᠵᠡᠭᠦᠨ ᠬᠣᠢᠢᠳᠤ ᠠᠽᠢᠶ᠎ᠠ ᠳᠤ ᠡᠷᠴᠢᠮ ᠬᠦᠴᠦᠨ ᠦ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠠᠰᠤᠷᠤ ᠶᠡᠬᠡ ᠪᠣᠯᠤᠮᠵᠢ ᠪᠤᠢ᠃ ᠮᠠᠨ ᠤ ᠪᠥᠰᠡ ᠨᠤᠲᠤᠭ ᠨᠢ ᠳᠡᠯᠡᠬᠡᠢ ᠢᠢᠨ ᠳᠣᠲᠤᠭᠠᠳᠤ ᠢᠢᠨ ᠨᠡᠢᠢᠲᠠ ᠪᠦᠲᠦᠭᠡᠭ᠍ᠳᠡᠬᠦᠨ ᠍ ᠦ ᠪᠣᠯᠤᠨ ᠨᠡᠢᠢᠲᠡ ᠬᠦᠮᠦᠨ ᠠᠮᠠ ᠢᠢᠨ ᠳᠥᠷᠪᠡᠨ ᠦ ᠨᠢᠭᠡ ᠢᠢ ᠲᠤᠰ ᠲᠤᠰ ᠪᠦᠷᠢᠳᠦᠭᠦᠯᠵᠦ ᠪᠠᠢᠢᠨ᠎ᠠ᠃

 

ᠳᠡᠯᠡᠬᠡᠢ ᠢᠢᠨ ᠡᠷᠴᠢᠮ ᠬᠦᠴᠦᠨ ᠦ ᠬᠠᠮᠤᠭ ᠤᠨ ᠲᠣᠮᠣ ᠬᠡᠷᠡᠭᠯᠡᠭᠴᠢ ᠣᠷᠣᠨ ᠨᠤᠭᠤᠳ ᠤᠨ 4 ᠨᠢ ᠮᠠᠨ ᠤ ᠪᠥᠰᠡ ᠨᠤᠲᠤᠭ ᠲᠤ ᠣᠷᠣᠰᠢᠵᠤ ᠨᠡᠭᠦᠷᠡᠰᠦ ᠲᠥ᠋ᠷᠥᠭᠴᠢ ᠢᠢᠨ ᠬᠡᠢ ᠢᠢᠨ ᠢᠯᠭᠠᠷᠠᠭᠤᠯᠤᠯᠲᠠ ᠢᠢᠨ ᠭᠤᠷᠪᠠᠨ ᠤ ᠨᠢᠭᠡ ᠢᠢ ᠦᠢᠯᠡᠳᠪᠦᠷᠢᠯᠡᠵᠦ ᠪᠠᠢᠢᠨ᠎ᠠ᠃ ᠪᠥᠰᠡ ᠨᠤᠲᠤᠭ ᠤᠨ ᠡᠳ᠋ ᠍ ᠦᠨ ᠵᠠᠰᠠᠭ ᠲᠣᠮᠣᠷᠠᠬᠤ ᠢᠢᠨ ᠬᠢᠷᠢ ᠪᠡᠷ ᠡᠷᠴᠢᠮ ᠬᠦᠴᠦᠨ ᠦ ᠬᠡᠷᠡᠭᠯᠡᠭᠡ ᠳᠠᠭᠠᠨ ᠨᠡᠮᠡᠭᠳᠡᠭᠰᠡᠭᠡᠷ ᠪᠠᠢᠢᠬᠤ ᠪᠠ ᠲᠧᠭᠨᠣᠯᠣᠭᠢ ᠢᠢᠨ ᠳᠡᠪᠰᠢᠯ᠂ ᠳ᠋ᠢᠵᠢᠲᠠᠯ᠎ᠠ ᠰᠢᠯᠵᠢᠯᠲᠡ ᠨᠢ ᠡᠨᠡ ᠬᠦ ᠬᠡᠷᠡᠭᠴᠡᠭᠡ ᠢᠢ ᠰᠢᠢᠳᠬᠦ ᠣᠨᠣᠪᠴᠢᠲᠠᠢ ᠡᠷᠴᠢᠮ ᠬᠦᠴᠦᠨ ᠦ ᠰᠢᠨ᠎ᠡ ᠰᠦᠯᠵᠢᠶ᠎ᠡ ᠢᠢ ᠪᠤᠢ ᠪᠣᠯᠭᠠᠬᠤ ᠶᠤᠮ᠃

 

ᠮᠣᠩ᠋ᠭᠣᠯ ᠤᠯᠤᠰ ᠬᠥᠷᠰᠢ ᠣᠷᠣᠨ ᠨᠤᠭᠤᠳ ᠲᠠᠢ ᠪᠠᠨ ᠴᠠᠬᠢᠯᠭᠠᠨ ᠡᠷᠴᠢᠮ ᠬᠦᠴᠦᠨ ᠦ ᠨᠢᠭᠡᠳᠦᠭᠰᠡᠨ ᠰᠦᠯᠵᠢᠶᠡᠨ ᠳᠥ ᠬᠣᠯᠪᠣᠭᠳᠠᠬᠤ᠂ ᠴᠡᠪᠡᠷ ᠡᠷᠴᠢᠮ ᠬᠦᠴᠦ ᠢᠢ ᠪᠥᠰᠡ ᠨᠤᠲᠤᠭ ᠤᠨ ᠣᠷᠣᠨ ᠨᠤᠭᠤᠳ ᠲᠠᠭᠠᠨ ᠡᠺᠰᠫᠣᠷᠲ᠋ᠯᠠᠬᠤ ᠪᠣᠯᠤᠮᠵᠢ ᠢᠢ ᠲᠣᠭᠲᠠᠭᠠᠬᠤ ᠰᠤᠳᠤᠯᠭ᠎ᠠ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠽᠢᠶ᠎ᠠ ᠢᠢᠨ ᠬᠥᠭ᠍ᠵᠢᠯ ᠦᠨ ᠪᠠᠩᠬᠢ ᠲᠠᠢ ᠬᠠᠮᠲᠤᠷᠠᠨ ᠬᠢᠵᠦ ᠳᠠᠭᠤᠰᠬᠠᠭᠠᠳ ᠪᠠᠢᠢᠨ᠎ᠠ᠃

 

ᠡᠨᠡᠬᠦ ᠴᠣᠭᠴᠠ ᠰᠤᠳᠤᠯᠭ᠎ᠠ ᠪᠠᠷ ᠮᠣᠩ᠋ᠭᠣᠯ ᠤᠯᠤᠰ 200 ᠭᠢᠭᠠᠸᠠᠲ ᠰᠠᠯᠬᠢᠨ ᠤ ᠡᠷᠴᠢᠮ ᠬᠦᠴᠦ᠂ 1.2 ᠲᠧᠷᠠᠸᠠᠲ ᠨᠠᠷᠠᠨ ᠤ ᠡᠷᠴᠢᠮ ᠬᠦᠴᠢ ᠢᠢ ᠦᠢᠯᠡᠳᠪᠦᠷᠢᠯᠡᠵᠦ᠂ ᠬᠥᠷᠰᠢ ᠣᠷᠣᠨ ᠨᠤᠭᠤᠳ ᠲᠠᠭᠠᠨ ᠡᠺᠰᠫᠣᠷᠲ᠋ᠯᠠᠬᠤ ᠪᠣᠯᠤᠮᠵᠢ ᠲᠠᠢ ᠢᠢ ᠲᠣᠭᠲᠠᠭᠠᠭᠰᠠᠨ᠃ ᠦᠨᠳᠦᠰᠦᠨ ᠦ ᠡᠷᠴᠢᠮ ᠬᠦᠴᠦᠨ ᠦ ᠰᠦᠯᠵᠢᠶ᠎ᠡ ᠢᠢ ᠰᠢᠰᠲ᠋ᠧᠮ ᠲᠡᠢ ᠪᠡᠷ ᠥᠷᠭᠡᠳᠬᠡᠵᠦ ᠥᠨᠳᠥᠷ ᠬᠦᠴᠦᠳᠡᠯ ᠦᠨ ᠬᠢᠯᠢ ᠳᠠᠮᠨᠠᠭᠰᠠᠨ ᠬᠣᠯᠪᠣᠯᠲᠠ ᠢᠢ ᠬᠥᠭ᠍ᠵᠢᠭᠦᠯᠬᠦ ᠵᠠᠮ ᠢᠶᠠᠷ 2036 ᠣᠨ ᠭᠡᠬᠦ ᠳᠥ 100 ᠭᠢᠭᠠᠸᠠᠲ ᠬᠦᠷᠲᠡᠯ᠎ᠡ ᠬᠢᠮᠳᠠ ᠥᠷᠲᠡᠭ ᠲᠡᠢ᠂ ᠴᠡᠪᠡᠷ ᠡᠷᠴᠢᠮ ᠬᠦᠴᠦ ᠡᠺᠰᠫᠣᠷᠲ᠋ᠯᠠᠬᠤ ᠪᠣᠯᠤᠮᠵᠢ ᠲᠠᠢ ᠭᠡᠵᠦ ᠲᠣᠭᠠᠴᠠᠭᠠᠯᠠᠭᠰᠠᠨ ᠪᠠᠢᠢᠨ᠎ᠠ᠃

 

ᠰᠡᠭᠦᠯ ᠦᠨ ᠵᠢᠯ ᠦᠳ ᠲᠥ ᠪᠥᠰᠡ ᠨᠤᠲᠤᠭ ᠤᠨ ᠪᠤᠰᠤᠳ ᠣᠷᠣᠨ ᠨᠤᠭᠤᠳ ᠤᠨ ᠦᠨᠳᠦᠰᠦᠨ ᠦ ᠡᠷᠴᠢᠮ ᠬᠦᠴᠦᠨ ᠦ ᠺᠣᠮᠫᠠᠨᠢ ᠨᠤᠭᠤᠳ ᠮᠠᠨ ᠤ ᠳᠤ ᠬᠢᠭ᠍ᠳᠡᠭᠰᠡᠨ ᠰᠤᠳᠤᠯᠭ᠎ᠠ ᠲᠠᠢ ᠠᠳᠠᠯᠢ ᠰᠤᠳᠤᠯᠭᠠᠨ ᠨᠤᠭᠤᠳ ᠢ ᠬᠢᠭ᠍ᠰᠡᠨ᠃ ᠡᠳᠡᠭᠡᠷ ᠰᠤᠳᠤᠯᠭᠠᠨ ᠨᠤᠭᠤᠳ ᠤᠨ ᠦᠷ᠎ᠡ ᠳ᠋ᠦᠩ ᠢᠢᠡᠷ ᠪᠥᠰᠡ ᠨᠤᠲᠤᠭ ᠤᠨ ᠡᠷᠴᠢᠮ ᠬᠦᠴᠦᠨ ᠦ ᠰᠢᠨ᠎ᠡ᠂ ᠳᠡᠪᠰᠢᠯᠲᠡᠲᠦ ᠵᠠᠬ᠎ᠠ ᠵᠡᠭᠡᠯᠢ ᠢᠢ ᠪᠤᠢ ᠪᠣᠯᠭᠠᠬᠤ ᠳᠤ ᠲᠤᠬᠠᠢ ᠢᠢᠨ ᠪᠥᠰᠡ ᠨᠤᠲᠤᠭ ᠤᠨ ᠣᠷᠣᠨ ᠨᠤᠭᠤᠳ ᠤᠨ ᠵᠠᠰᠠᠭ ᠤᠨ ᠭᠠᠵᠠᠷ ᠤᠳ ᠤᠨ ᠳᠡᠮᠵᠢᠯᠭᠡ᠂ ᠨᠢᠭᠡᠳᠦᠮᠡᠯ ᠪᠠᠢᠢᠷᠢ ᠰᠠᠭᠤᠷᠢ ᠨᠡᠩ ᠴᠢᠬᠤᠯᠠ ᠭᠡᠳᠡᠭ ᠢ ᠣᠨᠴᠠᠯᠠᠬᠤ ᠢᠢᠨ ᠰᠠᠴᠠᠭᠤ ᠵᠣᠬᠢᠴᠠᠭᠤᠯᠤᠯᠲᠠ ᠪᠣᠯᠤᠨ ᠰᠲ᠋ᠠᠨ᠋ᠳᠠᠷᠲ ᠢ ᠤᠶᠠᠯᠳᠤᠭᠤᠯᠬᠤ᠂ ᠬᠥᠷᠥᠩᠭᠡ ᠣᠷᠣᠭᠤᠯᠤᠯᠲᠠ ᠢᠢᠨ ᠨᠢᠭᠡᠳᠦᠭᠰᠡᠨ ᠪᠣᠳᠣᠯᠭ᠎ᠠ ᠢᠢ ᠪᠣᠯᠪᠠᠰᠤᠷᠠᠭᠤᠯᠬᠤ ᠱᠠᠭᠠᠷᠳᠠᠯᠭ᠎ᠠ ᠲᠠᠢ ᠢᠢ ᠣᠨᠴᠠᠯᠠᠭᠰᠠᠨ ᠪᠠᠢᠢᠨ᠎ᠠ᠃

 

ᠥᠩᠭᠡᠷᠡᠭᠰᠡᠨ ᠵᠢᠯ ᠸᠯᠠᠳᠢᠸᠤᠰᠲ᠋ᠣᠺ ᠲᠤ ᠮᠢᠨᠦ ᠪᠡᠶ᠎ᠡ ᠡᠷᠴᠢᠮ ᠬᠦᠴᠦᠨ ᠦ ᠨᠢᠭᠡᠳᠦᠭᠰᠡᠨ ᠰᠦᠯᠵᠢᠶ᠎ᠡ ᠪᠣᠯᠤᠨ ᠵᠠᠬ᠎ᠠ ᠵᠡᠭᠡᠯᠢ ᠢᠢ ᠪᠤᠢ ᠪᠣᠯᠭᠠᠬᠤ ᠵᠣᠷᠢᠯᠭ᠎ᠠ ᠢᠢ ᠳᠡᠮᠵᠢᠬᠦ ᠪᠥᠰᠡ ᠨᠤᠲᠤᠭ ᠢ ᠬᠠᠮᠤᠷᠤᠭᠰᠠᠨ ᠪᠠᠢᠢᠭᠤᠯᠤᠯᠭ᠎ᠠ ᠪᠠᠢᠢᠭᠤᠯᠬᠤ ᠰᠠᠨᠠᠭᠠᠴᠢᠯᠠᠭ᠎ᠠ ᠢᠢ ᠳᠡᠪᠰᠢᠭᠦᠯᠦᠭᠰᠡᠨ᠃ ᠤᠭ ᠪᠠᠢᠢᠭᠤᠯᠤᠯᠭ᠎ᠠ ᠢᠢ ᠪᠠᠢᠢᠭᠤᠯᠬᠤ ᠲᠠᠯᠠᠭᠠᠷᠬᠢ 《ᠬᠠᠮᠲᠤᠷᠠᠭᠰᠠᠨ ᠮᠡᠳᠡᠭᠳᠡᠯ》 ᠍ ᠦᠨ ᠲᠥᠰᠥᠯ ᠢ ᠮᠣᠩ᠋ᠭᠣᠯ ᠤᠯᠤᠰ ᠪᠣᠯᠪᠠᠰᠤᠷᠠᠭᠤᠯᠤᠭᠰᠠᠨ ᠪᠠ ᠵᠡᠭᠦᠨ ᠬᠣᠢᠢᠳᠤ ᠠᠽᠢᠶ᠎ᠠ ᠢᠢᠨ ᠪᠥᠰᠡ ᠨᠤᠲᠤᠭ ᠤᠨ ᠪᠤᠰᠤᠳ ᠣᠷᠣᠨ ᠨᠤᠭᠤᠳ ᠲᠠᠢ ᠬᠡᠯᠡᠯᠴᠡᠨ 2019 ᠣᠨ ᠤ 9  ᠳᠦᠭᠡᠷ ᠰᠠᠷ᠎ᠠ ᠳᠤ ᠤᠭ 《ᠬᠠᠮᠲᠤᠷᠠᠭᠰᠠᠨ ᠮᠡᠳᠡᠭᠳᠡᠯ》 ᠍ ᠳᠥ ᠭᠠᠷ ᠤᠨ ᠦᠰᠦᠭ ᠵᠢᠷᠤᠬᠤ ᠪᠠᠷ ᠠᠵᠢᠯᠯᠠᠵᠤ ᠪᠠᠢᠢᠨ᠎ᠠ᠃ ᠮᠠᠨ ᠤ ᠰᠠᠨᠠᠭᠠᠴᠢᠯᠠᠭ᠎ᠠ ᠢᠢ ᠲᠤᠭᠤᠰᠢᠲᠠᠢ ᠳᠡᠮᠵᠢᠵᠦ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠽᠢᠶ᠎ᠠ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠤᠨ ᠺᠣᠮᠢᠰ ᠪᠣᠯᠤᠨ ᠠᠽᠢᠶ᠎ᠠ ᠢᠢᠨ ᠬᠥᠭ᠍ᠵᠢᠯ ᠦᠨ ᠪᠠᠩᠺᠠᠨ ᠳᠤ ᠲᠠᠯᠠᠷᠬᠠᠭᠰᠠᠨ ᠢᠶᠠᠨ ᠢᠯᠡᠷᠬᠡᠢᠢᠯᠡᠶ᠎ᠡ᠃

 

ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠫᠠᠷᠢᠰ ᠤᠨ ᠬᠡᠯᠡᠯᠴᠡᠭᠡᠷ ᠪᠣᠯᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠬᠦᠷᠢᠶᠡᠨ ᠳᠥ ᠲᠣᠭᠲᠠᠪᠤᠷᠢᠲᠠᠢ ᠡᠷᠴᠢᠮ ᠬᠦᠴᠦᠨ ᠦ ᠲᠣᠭᠲᠠᠯᠴᠠᠭᠠᠨ ᠳᠤ ᠰᠢᠯᠵᠢᠬᠦ ᠠᠮᠠᠯᠠᠯᠲᠠ ᠠᠪᠴᠤ᠂ ᠶᠡᠬᠡᠬᠡᠨ ᠬᠦᠴᠦᠨ ᠴᠢᠷᠮᠠᠢᠢᠯᠲᠠ ᠭᠠᠷᠭᠠᠵᠤ ᠪᠠᠢᠢᠨ᠎ᠠ᠃ ᠮᠣᠩ᠋ᠭᠣᠯ ᠤᠯᠤᠰ ᠨᠢ ᠴᠡᠪᠡᠷ ᠡᠷᠴᠢᠮ ᠬᠦᠴᠦᠨ ᠦ ᠠᠷᠪᠢᠨ ᠶᠡᠬᠡ ᠨᠥᠭᠡᠴᠡ ᠲᠡᠢ ᠣᠷᠣᠨ ᠤ ᠬᠤᠪᠢ ᠳᠤ ᠰᠡᠭᠦᠯ ᠦᠨ ᠦᠶ᠎ᠡ ᠳᠥ ᠭᠠᠷᠴᠤ ᠪᠤᠢ ᠳᠡᠪᠰᠢᠯᠲᠡᠲᠦ ᠲᠧᠭᠨᠣᠯᠣᠭᠢ᠂ ᠴᠢᠭ᠌ ᠬᠠᠨᠳᠤᠯᠭ᠎ᠠ ᠢᠢ ᠠᠰᠢᠭᠯᠠᠬᠤ ᠵᠠᠮ ᠢᠶᠠᠷ ᠳᠡᠯᠡᠬᠡᠢ ᠢᠢᠨ ᠡᠷᠴᠢᠮ ᠬᠦᠴᠦᠨ ᠦ ᠬᠤᠪᠢᠰᠤᠯ ᠳᠠᠬᠢ ᠣᠯᠠᠨ ᠤᠯᠤᠰ ᠤᠨ ᠬᠦᠴᠦᠨ ᠴᠢᠷᠮᠠᠢᠢᠯᠲᠠ ᠳᠤ ᠥᠪᠡᠷ ᠦᠨ ᠬᠤᠪᠢ ᠨᠡᠮᠡᠷᠢ ᠪᠡᠨ ᠣᠷᠣᠭᠤᠯᠬᠤ ᠢᠢ ᠵᠣᠷᠢᠵᠤ ᠪᠠᠢᠢᠨ᠎ᠠ᠃

 

ᠮᠣᠩ᠋ᠭᠣᠯ ᠤᠯᠤᠰ ᠤᠨ ᠡᠨᠡᠬᠦ ᠰᠠᠨᠠᠭᠠᠴᠢᠯᠠᠭ᠎ᠠ ᠢᠢ ᠳᠡᠮᠵᠢᠵᠦ ᠪᠤᠢ ᠪᠥᠰᠡ ᠨᠤᠲᠤᠭ ᠤᠨ ᠣᠷᠣᠨ ᠨᠤᠭᠤᠳ ᠤᠨ ᠵᠠᠰᠠᠭ ᠤᠨ ᠭᠠᠵᠠᠷ᠂ ᠣᠯᠠᠨ ᠤᠯᠤᠰ ᠤᠨ ᠬᠣᠯᠪᠣᠭᠣᠳᠠᠬᠤ ᠪᠠᠢᠢᠭᠤᠯᠤᠯᠭ᠎ᠠ ᠨᠤᠭᠤᠳ ᠲᠤ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

 

ᠵᠡᠭᠦᠨ ᠬᠣᠢᠢᠳᠤ ᠠᠽᠢᠶ᠎ᠠ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯ ᠢᠢᠠᠷ ᠬᠢ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡᠨ ᠦ ᠣᠯᠠᠨ ᠤᠯᠤᠰ ᠤᠨ VI ᠪᠠᠭ᠎ᠠ ᠬᠤᠷᠠᠯ ᠤᠨ ᠠᠵᠢᠯᠯᠠᠭᠠᠨ ᠳᠤ ᠠᠮᠵᠢᠯᠲᠠ ᠬᠦᠰᠡᠶ᠎ᠡ》 ᠭᠡᠵᠡᠢ᠃