Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤ ᠨᠡᠭᠡᠭᠡᠭᠳᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤᠨ ᠤ ᠨᠡᠭᠡᠭᠡᠯᠲᠡ ᠢᠢᠨ ᠶᠣᠰᠣᠯᠠᠯ ᠤᠨ ᠠᠵᠢᠯᠯᠠᠭᠠᠨ ᠳᠤ ᠣᠷᠣᠯᠴᠠᠯ᠎ᠠ᠃

ᠮᠣᠩ᠋ᠭᠣᠯ ᠤᠯᠤᠰ ᠤᠨ ᠶᠡᠬᠡ ᠬᠤᠷᠠᠯ ᠤᠨ ᠠᠶᠤᠯ ᠦᠭᠡᠢ ᠪᠠᠢᠢᠳᠠᠯ᠂ ᠭᠠᠳᠠᠭᠠᠳᠤ ᠪᠣᠳᠣᠯᠭ᠎ᠠ ᠢᠢᠨ ᠪᠠᠢᠢᠩ᠋ᠭᠤ ᠢᠢᠨ ᠬᠣᠷᠢᠶᠠᠨ ᠤ 2017 ᠣᠨ ᠤ 02 ᠳ᠋ᠤᠭᠠᠷ ᠰᠠᠷ᠎ᠠ ᠢᠢᠨ 1 ᠍ ᠦ ᠡᠳᠦᠷ ᠦᠨ ᠬᠤᠷᠠᠯᠳᠤᠭᠠᠨ ᠢᠶᠠᠷ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠨᠡᠢᠢᠰᠯᠡᠯ ᠪᠢᠱᠺᠧᠺ ᠬᠣᠲᠠ ᠳᠤ ᠰᠠᠭᠤᠭ᠎ᠠ ᠶᠡᠷᠦᠩᠬᠡᠢ ᠺᠣᠨ᠋ᠰᠤᠢᠯ ᠤᠨ ᠭᠠᠵᠠᠷ ᠤᠨ ᠲᠦᠪᠰᠢᠨ ᠢ ᠥᠭᠡᠷᠡᠴᠢᠯᠡᠵᠦ᠂ ᠡᠯᠴᠢᠨ ᠰᠠᠢᠢᠳ ᠤᠨ ᠶᠠᠮᠤ ᠪᠣᠯᠭᠠᠬᠤ ᠵᠠᠰᠠᠭ ᠤᠨ ᠭᠠᠵᠠᠷ ᠤᠨ ᠰᠠᠨᠠᠯ ᠢ ᠵᠥᠪᠰᠢᠯᠴᠡᠨ ᠳᠡᠮᠵᠢᠭᠰᠡᠨ ᠶᠤᠮ᠃

ᠡᠨᠡ ᠰᠢᠢᠳᠪᠦᠷᠢ ᠢᠢᠨ ᠳᠠᠭᠠᠭᠤ ᠭᠠᠳᠠᠭᠠᠳᠤ ᠬᠠᠷᠢᠯᠴᠠᠭᠠᠨ ᠤ ᠶᠠᠮᠤ ᠡᠯᠴᠢᠨ ᠰᠠᠢᠢᠳ ᠤᠨ ᠶᠠᠮᠤ ᠨᠡᠭᠡᠭᠡᠬᠦ ᠰᠠᠨᠠᠯ᠎ ᠢᠢᠠᠨ ᠺᠢᠷᠭᠢᠽ ᠤᠨ ᠲᠠᠯ᠎ᠠ ᠳᠤ ᠳ᠋ᠢᠫᠯᠣᠮᠠᠲ ᠱᠤᠭᠤᠮ ᠢᠶᠠᠷ ᠲᠠᠯᠪᠢᠵᠤ᠂ ᠥᠨᠥᠳᠥᠷ ᠡᠢᠢᠨ ᠬᠦ ᠨᠡᠭᠡᠭᠡᠯᠲᠡ ᠪᠡᠨ ᠬᠢᠵᠦ ᠪᠠᠢᠢᠭ᠎ᠠ ᠶᠤᠮ᠃

ᠨᠡᠭᠡᠭᠡᠯᠲᠡ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠴᠡ ᠭᠠᠳᠠᠨ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠭᠠᠳᠠᠭᠠᠳᠤ ᠬᠠᠷᠢᠯᠴᠠᠭᠠᠨ ᠤ ᠳᠡᠳ᠋ ᠰᠠᠢᠢᠳ ᠪ ∙ ᠪᠠᠲᠤᠴᠡᠴᠡᠭ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠭ᠎ᠠ ᠶᠡᠷᠦᠩᠬᠡᠢ ᠺᠣᠨ᠋ᠰᠤᠢᠯ ᠲ ∙ ᠭᠠᠩᠪᠣᠯᠣᠳ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠢᠢᠳ ᠴ ∙ ᠠ᠊ ∙ ᠠᠢᠢᠳᠠᠷᠪᠧᠺᠣᠸ ᠨᠠᠷ ᠤᠨ ᠠᠯᠪᠠᠨ ᠤ ᠬᠦᠮᠦᠰ ᠣᠷᠣᠯᠴᠠᠯ᠎ᠠ᠃

ᠨᠡᠭᠡᠭᠡᠯᠳᠡ ᠢᠢᠨ ᠦᠢ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄
《ᠡᠨᠳᠡ ᠴᠤᠭᠯᠠᠭᠰᠠᠨ ᠬᠦᠨᠳᠦᠲᠦ ᠨᠣᠶᠠᠳ ᠠ᠋᠂ ᠵᠣᠴᠢᠳ᠂ ᠠᠨᠳᠠ ᠨᠥᠬᠥᠳ ᠡ᠂

ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤ ᠢᠢ ᠨᠡᠭᠡᠭᠡᠬᠦ ᠶᠣᠰᠣᠯᠠᠯ ᠤᠨ ᠠᠵᠢᠯᠯᠠᠭᠠᠨ ᠳᠤ ᠬᠦᠷᠦᠯᠴᠡᠨ ᠢᠷᠡᠭᠰᠡᠨ ᠡᠷᠬᠢᠮ ᠬᠦᠨᠳᠦᠳᠦ ᠲᠠ ᠪᠦᠬᠦᠨ ᠳᠥ ᠪᠠᠶᠠᠷ ᠬᠦᠷᠭᠡᠵᠦ᠂ ᠮᠡᠨᠳᠦᠴᠢᠯᠡᠶ᠎ᠡ᠃

ᠲᠠ ᠪᠢᠳᠡ ᠥᠨᠥᠳᠥᠷ ᠮᠣᠩ᠋ᠭᠣᠯ-ᠺᠢᠷᠭᠢᠽ ᠦᠨ ᠬᠠᠷᠢᠯᠴᠠᠭᠠᠨ ᠤ ᠲᠡᠦᠬᠡᠨ ᠠᠴᠢ ᠬᠣᠯᠪᠣᠭᠳᠠᠯ ᠲᠠᠢ ᠲᠣᠮᠣᠬᠠᠨ ᠦᠢᠯᠡ ᠶᠠᠪᠤᠳᠠᠯ ᠤᠨ ᠭᠡᠷᠡᠴᠢ ᠪᠣᠯᠬᠣ ᠪᠠᠷ ᠡᠨᠳᠡ ᠴᠤᠭᠯᠠᠭᠠᠳ ᠪᠠᠢᠢᠨ᠎ᠠ᠃ ᠮᠣᠩ᠋ᠭᠣᠯ ᠤᠯᠤᠰ ᠤᠨ ᠲᠥᠪ ᠠᠽᠢᠶ᠎ᠠ ᠳᠠᠬᠢ ᠴᠢᠬᠤᠯᠠ ᠲᠦᠩᠰᠢ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠢᠵᠦ ᠪᠤᠢ ᠠᠯᠪᠠᠨ ᠶᠣᠰᠣᠨ ᠤ ᠠᠢᠢᠯᠴᠢᠯᠠᠯ ᠤᠨ ᠬᠦᠷᠢᠶᠡᠨ ᠳᠥ ᠡᠯᠴᠢᠨ ᠰᠠᠢᠢᠳ ᠤᠨ ᠶᠠᠮᠤᠨ ᠤ ᠨᠡᠭᠡᠭᠡᠯᠲᠡ ᠢᠢᠨ ᠠᠷᠭ᠎ᠠ ᠬᠡᠮᠵᠢᠶ᠎ᠡ ᠢᠢ ᠵᠣᠬᠢᠶᠠᠨ ᠪᠠᠢᠢᠭᠤᠯᠵᠤ ᠪᠠᠢᠢᠭ᠎ᠠ ᠨᠢ ᠮᠣᠩ᠋ᠭᠣᠯ-ᠺᠢᠷᠭᠢᠽ ᠦᠨ ᠨᠠᠢᠢᠷᠠᠮᠳᠠᠯᠲᠤ ᠬᠠᠷᠢᠯᠴᠠᠭᠠᠨ ᠳᠤ ᠮᠠᠨ ᠤ ᠤᠯᠤᠰ ᠶᠡᠬᠡᠬᠡᠨ ᠠᠴᠢ ᠬᠣᠯᠪᠣᠭᠳᠠᠯ ᠥᠭᠴᠦ ᠪᠤᠢ ᠢᠢᠨ ᠲᠣᠳᠣ ᠢᠯᠡᠷᠡᠯ ᠭᠡᠳᠡᠭ ᠢ ᠣᠨᠴᠠᠯᠠᠨ ᠲᠡᠮᠳᠡᠭᠯᠡᠵᠦ ᠪᠠᠢᠢᠨ᠎ᠠ᠃ ᠮᠠᠨ ᠤ ᠬᠣᠶᠠᠷ ᠠᠷᠠᠳ ᠲᠦᠮᠡᠨ ᠫᠠᠷᠯᠠᠮᠧᠨ᠋ᠲ ᠤᠨ ᠵᠠᠰᠠᠭᠯᠠᠯ ᠢ ᠰᠣᠩ᠋ᠭᠣᠨ ᠠᠪᠴᠤ᠂ ᠨᠡᠢᠢᠭᠡᠮ ᠤᠨ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠢ ᠲᠥᠯᠦᠪᠰᠢᠭᠦᠯᠦᠨ ᠬᠥᠭ᠍ᠵᠢᠭᠦᠯᠬᠦ ᠳᠥ ᠪᠡᠨ ᠮᠡᠳᠡᠯᠭᠡ ᠲᠤᠷᠰᠢᠯᠭ᠎ᠠ ᠠᠴᠠ ᠪᠠᠨ ᠬᠠᠷᠢᠯᠴᠠᠨ ᠰᠤᠷᠤᠯᠴᠠᠳᠠᠭ ᠰᠠᠢᠢᠬᠠᠨ ᠤᠯᠠᠮᠵᠢᠯᠠᠯ ᠲᠣᠭᠲᠠᠭᠠᠳ ᠪᠠᠢᠢᠨ᠎ᠠ᠃

ᠥᠨᠥ ᠢᠢᠨ ᠣᠯᠠᠨ ᠤᠯᠤᠰ ᠤᠨ ᠬᠠᠷᠢᠯᠴᠠᠭᠠᠨ ᠤ ᠴᠢᠭ᠌ ᠬᠠᠨᠳᠤᠯᠭ᠎ᠠ ᠡᠷᠴᠢᠮᠲᠡᠢ ᠳᠠᠶᠠᠭᠠᠷᠰᠢᠯ ᠳᠤᠮᠳᠠ ᠪᠢᠳᠡ ᠬᠠᠷᠢᠯᠴᠠᠭᠠᠨ ᠤ ᠲᠡᠦᠬᠡᠨ ᠤᠯᠠᠮᠵᠢᠯᠠᠯ᠂ ᠢᠲᠡᠭᠡᠯᠴᠡᠯ ᠳᠥ ᠪᠡᠨ ᠲᠤᠯᠭᠠᠭᠤᠷᠢᠯᠠᠨ ᠢᠯᠡᠭᠦᠦ ᠣᠢᠢᠷ᠎ᠠ ᠳᠣᠲᠣᠨᠣ ᠪᠠᠢᠢᠵᠤ᠂ ᠬᠠᠮᠲᠤᠷᠠᠨ ᠬᠥᠭ᠍ᠵᠢᠬᠦ ᠱᠠᠭᠠᠷᠳᠠᠯᠭ᠎ᠠ ᠬᠡᠷᠡᠭᠴᠡᠭᠡ ᠮᠥᠨ ᠲᠤᠯᠭᠠᠷᠠᠵᠤ ᠪᠠᠢᠢᠨ᠎ᠠ᠃

ᠮᠣᠩ᠋ᠭᠣᠯ-ᠺᠢᠷᠭᠢᠽ ᠦᠨ ᠬᠠᠷᠢᠯᠴᠠᠭ᠎ᠠ ᠢᠢ ᠬᠥᠭ᠍ᠵᠢᠭᠦᠯᠬᠦ ᠥᠷᠭᠡᠨ ᠪᠣᠯᠤᠮᠵᠢ ᠪᠢᠳᠡᠨ ᠦ ᠡᠮᠦᠨ᠎ᠡ ᠨᠡᠭᠡᠭᠡᠯᠲᠡ ᠲᠡᠢ ᠪᠠᠢᠢᠨ᠎ᠠ᠃ ᠡᠨᠡ ᠬᠦ ᠪᠣᠯᠤᠮᠵᠢ ᠢᠢ ᠪᠣᠳᠠᠲᠤ ᠠᠵᠢᠯ ᠬᠡᠷᠡᠭ ᠪᠣᠯᠭᠠᠬᠤ ᠳᠤ᠂ ᠨᠡᠩ ᠢᠯᠠᠩ᠋ᠭᠤᠶ᠎ᠠ ᠬᠤᠳᠠᠯᠳᠤᠭ᠎ᠠ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠮᠣᠩ᠋ᠭᠣᠯ ᠤᠯᠤᠰ ᠤᠨ ᠡᠯᠴᠢᠨ ᠰᠠᠢᠢᠳ ᠤᠨ ᠶᠠᠮᠤ ᠴᠢᠬᠤᠯᠠ ᠡᠭᠦᠷᠭᠡ ᠭᠦᠢᠴᠡᠳᠭᠡᠵᠦ᠂ ᠭᠦᠭᠦᠷᠭᠡ ᠪᠣᠯᠤᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃ ᠮᠣᠩ᠋ᠭᠣᠯ ᠤᠯᠤᠰ ᠺᠢᠷᠭᠢᠽ ᠤᠯᠤᠰ ᠤᠨ ᠨᠡᠢᠢᠰᠯᠡᠯ ᠪᠢᠱᠺᠧᠺ ᠬᠣᠲᠠᠨ᠎ᠠ ᠡᠯᠴᠢᠨ ᠰᠠᠢᠢᠳ ᠤᠨ ᠶᠠᠮᠤ ᠪᠠᠨ ᠨᠡᠭᠡᠭᠡᠬᠦ ᠲᠡᠢ ᠬᠣᠯᠪᠣᠭᠳᠠᠭᠤᠯᠤᠨ ᠵᠣᠬᠢᠶᠠᠨ ᠪᠠᠢᠢᠭᠤᠯᠤᠯᠲᠠ ᠢᠢᠨ ᠪᠣᠯᠤᠨ ᠪᠤᠰᠤᠳ ᠬᠣᠯᠪᠣᠭᠳᠠᠬᠤ ᠳᠡᠮᠵᠢᠯᠭᠡ ᠦᠵᠡᠭᠦᠯᠦᠭᠰᠡᠨ ᠺᠢᠷᠭᠢᠽ ᠠᠨᠳᠠ᠂ ᠨᠥᠬᠥᠳ ᠲᠥ ᠪᠡᠨ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃ ᠡᠢᠢᠨ ᠬᠦ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤ ᠨᠡᠭᠡᠭᠡᠭ᠍ᠰᠡᠨ ᠢ ᠠᠯᠪᠠᠨ ᠶᠣᠰᠣᠭᠠᠷ ᠮᠡᠳᠡᠭᠳᠡᠶ᠎ᠡ》 ᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠭᠡ ᠬᠡᠯᠡᠭᠰᠡᠨ ᠦ ᠪᠡᠨ ᠳᠠᠷᠠᠭ᠎ᠠ ᠭᠠᠳᠠᠭᠠᠳᠤ ᠬᠠᠷᠢᠯᠴᠠᠭᠠᠨ ᠤ ᠳᠡᠳ᠋ ᠰᠠᠢᠢᠳ ᠪ ∙ ᠪᠠᠲᠤᠴᠡᠴᠡᠭ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠢᠢᠳ ᠴ ∙ ᠠ᠊ ∙ ᠠᠢᠢᠳᠠᠷᠪᠧᠺᠣᠸ ᠨᠠᠷ ᠤᠨ ᠬᠠᠮᠲᠤ ᠪᠠᠷ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤᠨ ᠤ ᠬᠠᠶᠢᠭ᠂ ᠰᠠᠮᠪᠠᠷ᠎ᠠ ᠢᠢ ᠪᠠᠢᠢᠷᠢᠯᠠᠭᠤᠯᠤᠯ᠎ᠠ᠃

ᠺᠢᠷᠭᠢᠽ ᠤᠯᠤᠰ ᠲᠤ ᠰᠠᠭᠤᠬᠤ ᠶᠡᠷᠦᠩᠬᠡᠢ ᠺᠣᠨ᠋ᠰᠤᠢᠯ ᠤᠨ ᠭᠠᠵᠠᠷ 2014 ᠣᠨ ᠠᠴᠠ ᠦᠢᠯᠡ ᠠᠵᠢᠯᠯᠠᠭ᠎ᠠ ᠢᠢ ᠪᠠᠨ ᠶᠠᠪᠤᠭᠤᠯᠵᠤ ᠡᠬᠢᠯᠡᠭᠰᠡᠨ ᠪᠥᠭᠡᠳ ᠤᠯᠤᠰ ᠣᠷᠣᠨ ᠢᠶᠠᠨ ᠲᠥᠯᠥᠭᠡᠯᠡᠬᠦ᠂ ᠰᠠᠭᠤᠭ᠎ᠠ ᠤᠯᠤᠰ ᠤᠨ ᠵᠠᠰᠠᠭ ᠤᠨ ᠭᠠᠵᠠᠷ ᠲᠠᠢ ᠬᠡᠯᠡᠯᠴᠡᠭᠡ ᠬᠢᠬᠦ ᠵᠡᠷᠭᠡ ᠵᠥᠪᠬᠡᠨ ᠡᠯᠴᠢᠨ ᠰᠠᠢᠢᠳ ᠤᠨ ᠶᠠᠮᠤᠨ ᠤ ᠬᠡᠷᠡᠭᠵᠢᠭᠦᠯᠬᠦ ᠪᠣᠯᠤᠮᠵᠢ ᠲᠠᠢ ᠴᠢᠭ᠌ ᠡᠭᠦᠷᠭᠡ ᠢᠢ ᠲᠡᠷᠡ ᠪᠦᠷ ᠬᠡᠷᠡᠭᠵᠢᠭᠦᠯᠵᠦ ᠴᠢᠳᠠᠳᠠᠭ ᠦᠭᠡᠢ ᠪᠠᠢᠢᠪᠠ᠃ ᠥᠨᠥᠳᠥᠷ ᠡᠢᠢᠨ ᠬᠦ ᠡᠯᠴᠢᠨ ᠰᠠᠢᠢᠳ ᠤᠨ ᠶᠠᠮᠤ ᠪᠣᠯᠤᠭᠰᠠᠨ ᠢᠶᠠᠷ ᠠᠯᠢᠪᠠ ᠨᠡᠮᠡᠯᠲᠡ ᠵᠠᠷᠤᠳᠠᠯ ᠭᠠᠷᠭᠠᠬᠤ ᠦᠭᠡᠢ ᠪᠡᠷ ᠦᠢᠯᠡ ᠠᠵᠢᠯᠯᠠᠭ᠎ᠠ ᠶᠠᠪᠤᠭᠤᠯᠵᠤ᠂ ᠳᠡᠭᠡᠷᠡᠬᠢ ᠴᠢᠭ᠌ ᠡᠭᠦᠷᠭᠡ ᠢᠢ ᠬᠡᠷᠡᠭᠵᠢᠭᠦᠯᠬᠦ ᠪᠣᠯᠤᠮᠵᠢ ᠲᠠᠢ ᠪᠣᠯᠵᠤ ᠪᠠᠢᠢᠭ᠎ᠠ ᠶᠤᠮ᠃