Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠢᠢᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠦᠪᠯᠡᠬᠦ᠂ ᠡᠯᠴᠢᠨ ᠰᠠᠢᠢᠳ ᠵᠣᠨ ᠪᠣᠯᠲ᠋ᠣᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ

ᠮᠣᠩ᠋ᠭᠣᠯ ᠤᠯᠤᠰ ᠲᠤ ᠠᠢᠢᠯᠴᠢᠯᠠᠵᠤ ᠪᠤᠢ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠢᠢᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠦᠪᠯᠡᠬᠦ᠂ ᠡᠯᠴᠢᠨ ᠰᠠᠢᠢᠳ ᠵᠣᠨ ᠪᠣᠯᠲ᠋ᠣᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠡᠯᠴᠢᠨ ᠰᠠᠢᠢᠳ ᠪᠣᠯᠲ᠋ᠣᠨ ᠤ ᠮᠣᠩ᠋ᠭᠣᠯ ᠤᠯᠤᠰ ᠲᠤ ᠬᠢᠵᠦ ᠪᠤᠢ ᠠᠢᠢᠯᠴᠢᠯᠠᠯ ᠨᠢ ᠠᠮᠧᠷᠢᠺᠠ ᠢᠢᠨ ᠨᠢᠭᠡᠳᠦᠭᠰᠡᠨ ᠤᠯᠤᠰ ᠤᠨ ᠵᠦᠭ ᠡᠴᠡ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠠᠴᠢ ᠬᠣᠯᠪᠣᠭᠳᠠᠯ ᠥᠭᠴᠦ ᠪᠤᠢ ᠢᠢᠨ ᠢᠯᠡᠷᠡᠯ ᠭᠡᠳ᠂ ᠠᠮᠧᠷᠢᠺᠠ ᠢᠢᠨ ᠨᠢᠭᠡᠳᠦᠭᠰᠡᠨ ᠤᠯᠤᠰ ᠢᠢᠨ ᠮᠢᠩ᠋ᠭᠠᠨ ᠤ ᠰᠣᠷᠢᠯᠲᠠ ᠢᠢᠨ ᠺᠣᠷᠫᠣᠷᠠᠼᠢ ᠲᠠᠢ ᠪᠠᠢᠢᠭᠤᠯᠤᠭᠰᠠᠨ ᠺᠣᠮᠫᠠᠺᠲ ᠭᠡᠷ᠎ᠡ ᠬᠣᠶᠠᠷ ᠣᠷᠣᠨ ᠤ ᠬᠠᠮᠲᠤ ᠢᠢᠨ ᠠᠵᠢᠯᠯᠠᠭᠠᠨ ᠳᠤ ᠴᠢᠬᠤᠯᠠ ᠡᠭᠦᠷᠭᠡ ᠲᠡᠢ ᠪᠣᠯᠬᠤ ᠢᠢ ᠲᠡᠮᠳᠡᠭᠯᠡᠪᠡ᠃

ᠨᠣᠶᠠᠨ ᠡᠯᠴᠢᠨ ᠰᠠᠢᠢᠳ ᠪᠣᠯᠲ᠋ᠣᠨ ᠡᠨᠡ ᠤᠳᠠᠭ᠎ᠠ ᠢᠢᠨ ᠠᠢᠢᠯᠴᠢᠯᠠᠯ ᠨᠢ ᠬᠣᠶᠠᠷ ᠣᠷᠣᠨ ᠤ ᠡᠳ᠋ ᠍ ᠦᠨ ᠵᠠᠰᠠᠭ᠂ ᠴᠡᠷᠢᠭ ᠦᠨ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ᠂ ᠮᠥᠨ ᠪᠤᠰᠤᠳ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠠᠰᠠᠭᠤᠳᠠᠯ ᠢᠶᠠᠷ ᠰᠠᠨᠠᠯ ᠪᠣᠳᠣᠯ ᠢᠶᠠᠨ ᠰᠣᠯᠢᠯᠴᠠᠬᠤ ᠪᠣᠯᠤᠮᠵᠢ ᠭᠡᠵᠦ ᠦᠵᠡᠵᠦ ᠪᠤᠢ ᠢᠢ ᠪᠠᠨ ᠢᠯᠡᠷᠬᠡᠢᠢᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰ ᠲᠤ ᠳᠠᠬᠢᠨ ᠡᠷᠭᠦᠨ ᠪᠠᠷᠢᠭᠰᠠᠨ ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠲᠤᠬᠠᠢ ᠬᠠᠤᠯᠢ ᠨᠢ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠦ ᠰᠠᠯᠪᠤᠷᠢ ᠳᠤ ᠠᠵᠢᠯ ᠤᠨ ᠪᠠᠢᠢᠷᠢ ᠢᠢ ᠣᠯᠠᠨ ᠢᠶᠠᠷ ᠨᠡᠮᠡᠭᠳᠡᠭᠦᠯᠬᠦ ᠡᠴᠡ ᠭᠠᠳᠠᠨ᠎ᠠ ᠮᠣᠩ᠋ᠭᠣᠯ ᠤᠯᠤᠰ ᠤᠨ ᠡᠳ᠋ ᠍ ᠦᠨ ᠵᠠᠰᠠᠭ ᠤᠨ ᠠᠶᠤᠯ ᠦᠭᠡᠢ ᠪᠠᠢᠢᠳᠠᠯ ᠢ ᠬᠠᠩ᠋ᠭᠠᠬᠤ ᠵᠡᠷᠭᠡ ᠠᠴᠢ ᠬᠣᠯᠪᠣᠭᠳᠠᠯ ᠲᠠᠢ ᠪᠣᠯᠬᠤ ᠢᠢ ᠳᠤᠷᠠᠳᠤᠭᠠᠳ᠂ ᠬᠠᠤᠯᠢ ᠢᠢᠨ ᠲᠥᠰᠥᠯ ᠳᠥ ᠠᠩᠬᠠᠷᠤᠯ ᠬᠠᠨᠳᠤᠭᠤᠯᠵᠤ ᠠᠵᠢᠯᠯᠠᠬᠤ ᠢᠢ ᠨᠣᠶᠠᠨ ᠡᠯᠴᠢᠨ ᠰᠠᠢᠢᠳ ᠠᠴᠠ ᠬᠦᠰᠡᠯ᠎ᠡ᠃

ᠨᠣᠶᠠᠨ ᠡᠯᠴᠢᠨ ᠰᠠᠢᠢᠳ ᠪᠣᠯᠲ᠋ᠣᠨ ᠬᠣᠶᠠᠷ ᠤᠯᠤᠰ ᠤᠨ ᠴᠡᠷᠢᠭ ᠦᠨ ᠬᠠᠮᠲᠤ ᠢᠢᠨ ᠠᠵᠢᠯᠯᠠᠭ᠎ᠠ ᠪᠠᠨ ᠢᠳᠡᠪᠬᠢᠲᠡᠢ ᠬᠥᠭ᠍ᠵᠢᠵᠦ ᠪᠤᠢ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠵᠦᠭ ᠡᠴᠡ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠡᠩᠬᠡ ᠢᠢ ᠳᠡᠮᠵᠢᠬᠦ ᠠᠵᠢᠯᠯᠠᠭᠠᠨ ᠳᠤ ᠣᠷᠣᠭᠤᠯᠵᠤ ᠪᠤᠢ ᠬᠤᠪᠢ ᠨᠡᠮᠡᠷᠢ ᠢᠢ ᠥᠨᠳᠥᠷ ᠢᠶᠡᠷ ᠦᠨᠡᠯᠡᠳᠡᠭ ᠲᠠᠯ᠎ᠠ ᠪᠠᠷ ᠶᠠᠷᠢᠯ᠎ᠠ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠬᠣᠶᠠᠷ ᠣᠷᠣᠨ ᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠣᠯᠤᠮᠵᠢ ᠨᠤᠭᠤᠳ ᠤᠨ ᠬᠦᠷᠢᠶᠡᠨ ᠳᠥ ᠰᠠᠨᠠᠯ ᠰᠣᠯᠢᠯᠴᠠᠵᠤ᠂ ᠪᠦᠰᠡ ᠨᠤᠲᠤᠭ ᠤᠨ ᠠᠶᠤᠯ ᠦᠭᠡᠢ ᠪᠠᠢᠢᠳᠠᠯ᠂ ᠲᠡᠷᠡ ᠳᠤᠮᠳᠠ ᠪᠠᠨ ᠡᠷᠴᠢᠮ ᠬᠦᠴᠦᠨ ᠦ ᠰᠠᠯᠪᠤᠷᠢ ᠢᠢᠨ ᠠᠰᠠᠭᠤᠳᠠᠯ ᠢᠶᠠᠷ ᠶᠠᠷᠢᠯᠴᠠᠪᠠ᠃