Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠳᠤ ᠣᠷᠣᠯᠴᠠᠯ᠎ᠠ

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ ᠦᠨ ᠳᠠᠭᠠᠭᠤ 《ᠡᠺᠰᠢᠮ》 ᠪᠠᠩᠬᠢᠨ ᠤ ᠬᠥᠩᠭᠡᠯᠡᠯᠲᠡ ᠲᠡᠢ ᠵᠡᠭᠡᠯᠢ ᠪᠡᠷ ᠪᠠᠷᠢᠭᠳᠠᠭᠰᠠᠨ ᠤᠯᠤᠰ ᠤᠨ ᠬᠣᠶᠠᠳᠤᠭᠠᠷ ᠲᠥᠪ ᠡᠮᠨᠡᠯᠭᠡ ᠢᠢᠨ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠥᠨᠥᠳᠥᠷ ᠪᠣᠯᠤᠯ᠎ᠠ᠃

ᠳᠡᠯᠡᠬᠡᠢ ᠢᠢᠨ ᠵᠢᠱᠢᠭ ᠲᠥ ᠨᠡᠢᠢᠴᠡᠭᠰᠡᠨ ᠪᠠᠷᠢᠯᠭ᠎ᠠ ᠪᠠᠢᠢᠭᠤᠯᠤᠮᠵᠢ᠂ ᠤᠯᠤᠰ ᠤᠨ ᠬᠡᠮᠵᠢᠶᠡᠨ ᠳᠥ ᠦᠢᠯᠡᠴᠢᠯᠡᠬᠦ ᠣᠷᠴᠢᠨ ᠦᠶ᠎ᠡ ᠢᠢᠨ ᠲᠣᠨᠣᠭ ᠲᠥᠬᠦᠭᠡᠷᠦᠮᠵᠢ ᠪᠦᠬᠦᠢ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠠᠶᠠᠷ ᠬᠦᠷᠭᠡᠵᠦ ᠬᠡᠯᠡᠭᠰᠡᠨ ᠦᠭᠡᠨ ᠳᠥ ᠪᠡᠨ 《ᠥᠨᠥᠳᠥᠷ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠰᠢᠨ᠎ᠡ ᠪᠡᠷ ᠨᠡᠭᠡᠭᠡᠭ᠍ᠳᠡᠵᠦ ᠮᠣᠩ᠋ᠭᠣᠯ ᠤᠯᠤᠰ ᠤᠨ ᠡᠷᠡᠭᠦᠯ ᠮᠡᠨᠳᠦ ᠢᠢᠨ ᠰᠠᠯᠪᠤᠷᠢ ᠳᠤ ᠨᠢᠭᠡᠨ ᠣᠨᠴᠤᠭᠤᠢ ᠦᠢᠯᠡ ᠶᠠᠪᠤᠳᠠᠯ ᠪᠣᠯᠵᠤ ᠪᠠᠢᠢᠨ᠎ᠠ᠃ ᠤᠯᠤᠰ ᠣᠷᠣᠨ ᠬᠥᠭ᠍ᠵᠢᠬᠦ ᠢᠢᠨ ᠲᠤᠯᠠᠳᠠ ᠠᠷᠠᠳ ᠲᠦᠮᠡᠨ ᠡᠷᠡᠭᠦᠯ ᠪᠠᠢᠢᠬᠤ ᠶᠣᠰᠣᠲᠠᠢ᠃ ᠡᠷᠡᠭᠦᠯ ᠪᠠᠢᠢᠬᠤ ᠢᠢᠨ ᠲᠤᠯᠠᠳᠠ ᠪᠢᠳᠡᠨ ᠦ ᠪᠠᠢᠢᠩ᠋ᠭᠤ ᠶᠠᠷᠢᠵᠤ᠂ ᠰᠢᠭᠦᠮᠵᠢᠯᠡᠳᠡᠭ ᠣᠨᠣᠰᠢᠯᠠᠭᠠᠨ ᠤ ᠠᠰᠠᠭᠤᠳᠠᠯ ᠴᠢᠬᠤᠯᠠ᠃ ᠡᠷᠲᠡ ᠣᠨᠣᠰᠢᠯᠠᠭᠤᠯᠵᠤ ᠪᠠᠢᠢᠵᠤ ᠡᠷᠲᠡ ᠡᠮᠴᠢᠯᠡᠭᠦᠯᠦᠨ᠎ᠡ᠃ ᠤᠯᠤᠰ ᠤᠨ ᠬᠣᠶᠠᠳᠤᠭᠠᠷ ᠲᠥᠪ ᠡᠮᠨᠡᠯᠭᠡ ᠢᠢᠨ ᠳᠠᠷᠤᠭ᠎ᠠ ᠭ ∙ ᠪᠠᠶᠠᠰᠬᠤᠯᠠᠩ ᠡᠨᠡ ᠲᠥᠪ ᠲᠥ ᠣᠯᠠᠨ ᠬᠦᠮᠦᠨ ᠡᠮᠴᠢᠯᠡᠭᠦᠯᠵᠦ᠂ ᠡᠷᠡᠭᠦᠯ ᠪᠣᠯᠬᠤ ᠪᠣᠯᠲᠤᠭᠠᠢ ᠭᠡᠰᠡᠨ ᠪᠡᠯᠭᠡᠳᠡᠯ ᠦᠨ ᠰᠠᠢᠢᠬᠠᠨ ᠦᠭᠡ ᠬᠡᠯᠡᠯ᠎ᠡ᠃ ᠡᠭᠦᠨ ᠢ ᠳᠠᠪᠲᠠᠵᠤ ᠬᠡᠯᠡᠶ᠎ᠡ᠃ ᠨᠡᠭᠡᠭᠡᠯᠲᠡ ᠢᠢᠨ ᠠᠵᠢᠯᠯᠠᠭᠠᠨ ᠳᠤ ᠣᠷᠣᠯᠴᠠᠵᠤ ᠪᠠᠢᠢᠭ᠎ᠠ ᠮᠥᠨ ᠡᠨᠡᠬᠦ ᠲᠥᠰᠥᠯ ᠢ ᠡᠬᠢᠨ ᠡᠴᠡ ᠨᠢ ᠳᠠᠭᠤᠰᠲᠠᠯ᠎ᠠ ᠭᠠᠷ ᠪᠡᠶ᠎ᠡ ᠣᠷᠣᠯᠴᠠᠭᠰᠠᠨ ᠲᠠ ᠪᠦᠬᠦᠨ ᠳᠥ ᠳᠠᠬᠢᠨ ᠪᠠᠶᠠᠷ ᠬᠦᠷᠭᠡᠶ᠎ᠡ᠃ ᠨᠡᠭᠡᠭᠡᠯᠲᠡ ᠢᠢᠨ ᠠᠵᠢᠯᠯᠠᠭᠠᠨ ᠳᠤ ᠠᠮᠵᠢᠯᠲᠠ ᠬᠦᠰᠡᠶ᠎ᠡ᠃ ᠡᠨᠳᠡ ᠪᠤᠢ ᠲᠠᠩ᠋ᠭᠠᠷᠢᠭ ᠡᠷᠭᠦᠭ᠍ᠰᠡᠨ ᠣᠯᠠᠨ ᠡᠮᠴᠢ ᠢᠢᠨ ᠠᠵᠢᠯ ᠤᠨ ᠣᠷᠴᠢᠨ ᠰᠠᠢᠢᠵᠢᠷᠠᠵᠤ ᠪᠠᠢᠢᠭ᠎ᠠ ᠳᠤ ᠮᠠᠰᠢ ᠶᠡᠬᠡ ᠪᠠᠶᠠᠷᠲᠠᠢ᠂ ᠰᠡᠳᠬᠢᠯ ᠬᠥᠳᠡᠯᠵᠦ ᠪᠠᠢᠢᠨ᠎ᠠ》 ᠭᠡᠯ᠎ᠡ᠃