Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠲ ∙ ᠰᠦᠬᠡᠪᠠᠭᠠᠲᠤᠷ ᠤᠨ ᠬᠥᠰᠢᠶᠡᠨ ᠳᠦ ᠴᠡᠴᠡᠭ ᠡᠷᠭᠦᠵᠦ᠂ ᠴᠢᠩᠭᠢᠰ ᠬᠠᠭᠠᠨ ᠤ ᠬᠥᠰᠢᠶᠡᠨ ᠳᠦ ᠬᠦᠨᠳᠦᠳᠬᠡᠯ ᠦᠵᠡᠭᠦᠯᠦᠯ᠎ᠡ

ᠲᠤᠯᠭᠤᠷ ᠲᠥᠷᠥ ᠶᠢᠨ 2228 ᠵᠢᠯ᠂ ᠶᠡᠬᠡ ᠮᠣᠩ᠋ᠭᠣᠯ ᠤᠯᠤᠰ ᠪᠠᠶᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠨᠥᠳᠥᠷ ᠵᠠᠩᠵᠤᠨ ᠲ∙ ᠰᠦᠬᠡᠪᠠᠭᠠᠲᠤᠷ ᠤᠨ ᠬᠥᠰᠢᠶᠡᠨ ᠳᠦ ᠴᠡᠴᠡᠭ ᠡᠷᠭᠦᠵᠦ᠂ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃

ᠵᠠᠩᠵᠤᠨ ᠲ ∙ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠬᠦ᠂ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠬᠦ ᠬᠦᠨᠳᠦᠳᠬᠡᠯ ᠦᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠶᠡᠷᠦᠩᠬᠡᠢ ᠰᠠᠶᠢᠳ ᠤ᠊ ∙ ᠬᠦᠷᠦᠯᠰᠦ᠋ᠬᠡ᠂ ᠵᠠᠰᠠᠭ ᠤᠨ ᠭᠠᠵᠠᠷ ᠤᠨ ᠰᠠᠶᠢᠳ ᠨᠠᠷ ᠤᠨ ᠲᠥᠯᠥᠭᠡᠯᠡᠯ᠂ ᠤᠯᠤᠰ ᠤᠨ ᠶᠡᠬᠡ ᠬᠤᠷᠠᠯ ᠤᠨ ᠭᠡᠰᠢᠭᠦᠳ᠂ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠨᠠᠷ᠂ ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠥᠭᠡᠯᠡᠯ ᠦᠳ ᠪᠣᠯᠤᠨ ᠢᠷᠭᠡᠳ ᠦᠨ ᠲᠥᠯᠥᠭᠡᠯᠡᠯ ᠤᠷᠤᠯᠴᠠᠪᠠ᠃