Та "Internet explorer"-ийн сүүлийн хувилбар болох "Microsoft edge"-г ашиглана уу

Хэрэв "Microsoft edge"-г татах бол энд дарж татаж авна уу

ᠮᠣᠩᠭᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦᠲ᠋ᠢᠨ ᠨᠠᠷ ᠪᠤᠲᠠᠫᠧᠱᠲ ᠬᠣᠲᠠᠨ᠎ᠠ ᠠᠭᠤᠯᠵᠠᠯ᠎ᠠ

 

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ ᠥᠴᠥᠭᠡᠳᠦᠷ ᠪᠤᠲᠠᠫᠧᠱᠲ ᠲᠤ ᠪᠣᠯᠤᠭᠰᠠᠨ ᠵᠢᠦ᠋ᠳᠣ᠋ ᠍ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠨᠡᠭᠡᠭᠡᠯᠲᠡ ᠶᠢᠨ ᠳᠠᠷᠠᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦᠲ᠋ᠢᠨ ᠲᠡᠢ ᠠᠭᠤᠯᠵᠠᠯ᠎ᠠ᠃ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠪᠣᠯᠤᠨ ᠤᠩᠭ᠋ᠠᠷᠢ ᠤᠯᠤᠰ ᠤᠨ ᠶᠡᠷᠦᠩᠬᠡᠢ ᠰᠠᠶᠢᠳ ᠸ ∙ ᠣᠷᠪᠠᠨ ᠨᠠᠷ ᠤᠨ ᠬᠠᠮᠲᠤ ᠲᠡᠮᠡᠴᠡᠭᠡᠨ ᠦ ᠨᠡᠭᠡᠭᠡᠯᠲᠡ ᠦᠵᠡᠭᠰᠡᠨ ᠶᠤᠮ᠃

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠲᠠᠢ ᠠᠭᠤᠯᠵᠠᠬᠤ ᠦᠶ᠎ᠡ ᠪᠡᠷ 《ᠵᠢᠦ᠋ᠳᠣ᠋ ᠍ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠡᠨᠡ ᠴᠢᠬᠤᠯᠠ ᠲᠡᠮᠡᠴᠡᠭᠡᠨ ᠦ ᠦᠶ᠎ᠡ ᠪᠡᠷ ᠲᠠᠨ ᠲᠠᠢ ᠠᠭᠤᠯᠵᠠᠬᠤ ᠳᠤ ᠪᠠᠨ ᠮᠠᠰᠢ ᠶᠡᠬᠡ ᠪᠠᠶᠠᠷᠲᠠᠢ ᠪᠠᠢᠢᠨ᠎ᠠ᠃ ᠪᠢᠳᠡ ᠬᠣᠶᠠᠭᠤᠯᠠ ᠪᠠᠨ ᠡᠨᠡ ᠰᠫᠣᠷᠲ ᠲᠤᠷ ᠡᠯᠢᠭᠡ ᠲᠡᠢ ᠬᠦᠮᠦᠰ ᠤᠴᠢᠷ ᠠᠴᠠ ᠴᠢᠨᠠᠭᠰᠢᠳᠠ ᠶᠢᠨ ᠬᠠᠷᠢᠯᠴᠠᠭᠠᠨ ᠳᠤ ᠮᠠᠨᠢ ᠡᠶᠡᠷᠭᠦ ᠪᠡᠷ ᠨᠥᠯᠦᠭᠡᠯᠡᠨ᠎ᠡ ᠭᠡᠳᠡᠭ ᠲᠥ ᠢᠲᠡᠭᠡᠵᠦ ᠪᠠᠢᠢᠨ᠎ᠠ᠃ ᠲᠥᠯᠥᠪᠯᠡᠭᠰᠡᠨ ᠶᠣᠰᠣᠭᠠᠷ ᠪᠢᠳᠡ ᠣᠶᠢᠷ᠎ᠠ ᠶᠢᠨ ᠬᠤᠭᠤᠴᠠᠭᠠᠨ ᠳᠤ ᠸᠯᠠᠳᠢᠸᠣᠰᠲ᠋ᠣᠺ ᠲᠤ ᠠᠵᠢᠯ ᠤᠨ ᠠᠭᠤᠯᠵᠠᠯᠲᠠ ᠬᠢᠨ᠎ᠡ᠃

 

ᠮᠣᠩᠭ᠋ᠤᠯ ᠤᠯᠤᠰ ᠲᠤ ᠶᠡᠷᠦᠩᠬᠡᠶᠢᠯᠡᠭᠴᠢ ᠶᠢᠨ ᠰᠣᠩᠭ᠋ᠣᠭᠤᠯᠢ ᠳᠠᠭᠤᠰᠤᠭᠠᠳ ᠤᠳᠠᠭ᠎ᠠ ᠦᠭᠡᠢ ᠪᠠᠢᠢᠨ᠎ᠠ᠃ ᠮᠢᠨᠦ ᠪᠡᠶ᠎ᠡ ᠬᠣᠶᠢᠳᠤ ᠬᠥᠷᠰᠢ ᠲᠡᠢ ᠪᠡᠨ ᠬᠠᠷᠢᠯᠴᠠᠭ᠎ᠠ ᠪᠠᠨ ᠤᠯᠠᠮ ᠥᠷᠭᠡᠵᠢᠭᠦᠯᠬᠦ ᠶᠢ ᠬᠦᠰᠡᠵᠦ ᠪᠠᠢᠢᠭ᠎ᠠ᠃ ᠬᠣᠶᠠᠷ ᠤᠯᠤᠰ ᠤᠨ ᠬᠤᠳᠠᠯᠳᠤᠭᠠᠨ ᠤ ᠡᠷᠭᠢᠯᠲᠡ ᠰᠡᠭᠦᠯ ᠦᠨ ᠦᠶ᠎ᠡ ᠳᠥ ᠥᠰᠴᠦ ᠪᠠᠢᠢᠭᠠᠳ ᠬᠢᠯᠢ ᠣᠷᠴᠢᠮ ᠤᠨ ᠪᠥᠰᠡ ᠨᠤᠲᠤᠭ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠶᠡᠬᠡ ᠡᠭᠦᠷᠭᠡ ᠭᠦᠢᠴᠡᠳᠭᠡᠭᠰᠡᠨ᠃ ᠮᠠᠨ ᠤ ᠬᠣᠶᠠᠷ ᠤᠯᠤᠰ 4000 ᠭᠠᠷᠤᠢ ᠺᠮ ᠭᠠᠵᠠᠷ ᠨᠤᠲᠤᠭ ᠢᠶᠠᠷ ᠬᠢᠯᠢᠯᠡᠳᠡᠭ ᠤᠴᠢᠷ ᠠᠴᠠ ᠡᠨᠡ ᠪᠥᠰᠡ ᠨᠤᠲᠤᠭ ᠤᠨ ᠬᠣᠭᠣᠷᠣᠨᠳᠣ ᠶᠢᠨ ᠬᠠᠷᠢᠯᠴᠠᠭᠠᠨ ᠤ ᠠᠰᠠᠭᠤᠳᠠᠯ ᠳᠤ ᠲᠦᠯᠬᠢᠭᠦᠦ ᠠᠩᠬᠠᠷᠤᠯ ᠲᠠᠯᠪᠢᠬᠤ ᠨᠢ ᠵᠦᠢᠲᠡᠢ ᠭᠡᠵᠦ ᠪᠢ ᠦᠵᠡᠵᠦ ᠪᠠᠢᠢᠨ᠎ᠠ᠃

 

ᠪᠢᠳᠡ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠲᠠᠲᠠᠬᠤ ᠰᠣᠨᠢᠷᠬᠠᠯᠲᠠᠢ᠃ ᠪᠢᠳᠡᠨ ᠦ ᠲᠡᠷᠢᠭᠦᠯᠡᠬᠦ ᠴᠢᠭᠯᠡᠯ ᠪᠣᠯ ᠲᠡᠮᠦᠷ ᠵᠠᠮ᠃ ᠡᠨᠡ ᠰᠠᠯᠪᠤᠷᠢ ᠳᠤ ᠤᠯᠠᠭᠠᠨᠪᠠᠭᠠᠲᠤᠷ ᠲᠡᠮᠦᠷ ᠵᠠᠮ ᠬᠡᠮᠡᠬᠦ ᠮᠠᠨ ᠤ ᠬᠣᠶᠠᠷ ᠤᠯᠤᠰ ᠤᠨ 50᠄50 ᠬᠤᠪᠢ ᠢᠢᠨ ᠣᠷᠣᠯᠴᠠᠭ᠎ᠠ ᠲᠠᠢ ᠬᠤᠪᠢ ᠨᠡᠶᠢᠯᠡᠭᠦᠯᠦᠭᠰᠡᠨ ᠺᠣᠮᠫᠠᠨᠢ ᠠᠵᠢᠯᠯᠠᠵᠤ ᠪᠠᠢᠢᠭ᠎ᠠ》 ᠭᠡᠯ᠎ᠡ᠃

 

ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ 《ᠨᠣᠶᠠᠨ ᠶᠡᠷᠦᠩᠬᠡᠢᠢᠯᠡᠭᠴᠢ ᠲᠠᠨ ᠲᠠᠢ ᠠᠭᠤᠯᠵᠠᠬᠤ ᠵᠠᠪᠰᠢᠶᠠᠨ ᠲᠣᠬᠢᠶᠠᠭᠰᠠᠨ ᠳᠤ ᠪᠢ ᠲᠤᠶᠢᠯ ᠤᠨ ᠪᠠᠶᠠᠷᠲᠠᠢ ᠪᠠᠢᠢᠨ᠎ᠠ᠃ ᠪᠢᠳᠡ ᠲᠠᠨ ᠢ ᠤᠯᠤᠰ ᠲᠥᠷᠦᠴᠢ ᠪᠥᠭᠡᠳ ᠴᠢᠳᠠᠪᠤᠷᠢᠯᠢᠭ ᠲᠠᠮᠢᠷᠴᠢᠨ ᠭᠡᠳᠡᠭ ᠢᠶᠡᠷ ᠨᠢ ᠮᠡᠳᠡᠳᠡᠭ᠃ ᠡᠨᠳᠡ ᠪᠣᠯᠵᠤ ᠪᠤᠢ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠮᠣᠩᠭ᠋ᠤᠯ ᠤᠨ ᠵᠢᠦ᠋ᠳᠣᠴᠢᠳ ᠠᠮᠵᠢᠯᠲᠠᠲᠠᠢ ᠡᠬᠢᠯᠡᠭᠦᠯᠵᠦ ᠪᠠᠢᠢᠭ᠎ᠠ ᠳᠤ ᠪᠠᠶᠠᠷ ᠬᠦᠷᠭᠡᠶ᠎ᠡ᠃

 

ᠬᠣᠶᠠᠷ ᠲᠠᠯ᠎ᠠ ᠶᠢᠨ ᠬᠠᠷᠢᠯᠴᠠᠭᠠᠨ ᠤ ᠬᠤᠪᠢ ᠳᠤ ᠲᠠᠨ ᠤ ᠣᠷᠣᠯᠴᠠᠬᠤ ᠪᠠᠷ ᠵᠡᠬᠡᠵᠦ ᠪᠤᠢ ᠸᠯᠠᠳᠢᠸᠤᠰᠲ᠋ᠣᠺ ᠤᠨ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ ᠢᠯᠡᠭᠦᠦ ᠨᠤᠬᠤᠴᠠᠲᠠᠢ ᠶᠠᠷᠢᠯᠴᠠᠬᠤ ᠪᠣᠯᠤᠮᠵᠢ ᠣᠯᠳᠠᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠡᠶᠡᠷᠭᠦ ᠬᠠᠨᠳᠤᠯᠭ᠎ᠠ ᠲᠠᠢ ᠪᠣᠯᠤᠭᠠᠳ ᠪᠠᠢᠢᠭ᠎ᠠ᠃ ᠥᠩᠭᠡᠷᠡᠭᠰᠡᠨ ᠵᠢᠯ ᠬᠣᠶᠠᠷ ᠲᠠᠯ᠎ᠠ ᠶᠢᠨ ᠬᠤᠳᠠᠯᠳᠤᠭᠠᠨ ᠤ ᠡᠷᠭᠢᠯᠲᠡ 20 ᠬᠤᠪᠢ ᠪᠠᠷ ᠪᠠᠭᠤᠷᠠᠭᠰᠠᠨ ᠪᠣᠯ ᠡᠨᠡ ᠣᠨ ᠤ ᠡᠬᠢᠨ ᠦ ᠬᠠᠭᠠᠰ ᠵᠢᠯ ᠳᠥ 34 ᠬᠤᠪᠢ ᠪᠠᠷ ᠥᠰᠦᠭᠰᠡᠨ ᠨᠢ ᠡᠭᠦᠨ ᠦ ᠵᠢᠱᠢᠶ᠎ᠡ ᠶᠤᠮ᠃

 

ᠤᠯᠤᠰ ᠲᠥᠷᠥ ᠶᠢᠨ ᠬᠠᠷᠢᠯᠴᠠᠭᠠᠨ ᠳᠤ ᠲᠡᠳᠦᠢ ᠦᠭᠡᠢ ᠡᠳ᠋ ᠍ ᠦᠨ ᠵᠠᠰᠠᠭ᠂ ᠰᠤᠶᠤᠯ ᠤᠨ ᠰᠠᠯᠪᠤᠷᠢ ᠳᠤ ᠴᠤ ᠳᠣᠷᠪᠢᠲᠠᠢ ᠠᠵᠢᠯ ᠬᠡᠷᠡᠭ ᠥᠷᠨᠢᠵᠦ ᠪᠠᠢᠢᠨ᠎ᠠ᠃ ᠮᠣᠩᠭ᠋ᠤᠯ-ᠣᠷᠣᠰ ᠤᠨ ᠤᠯᠠᠮᠵᠢᠯᠠᠯᠲᠤ ᠬᠤᠪᠢ ᠨᠡᠶᠢᠯᠡᠭᠦᠯᠦᠭᠰᠡᠨ ᠺᠣᠮᠫᠠᠨᠢ ᠨᠤᠭᠤᠳ ᠲᠤᠤᠱᠢᠲᠠᠢ ᠠᠵᠢᠯᠯᠠᠵᠤ ᠪᠠᠢᠢᠭ᠎ᠠ ᠪᠥᠭᠡᠳ ᠠᠴᠢᠶ᠎ᠠ ᠲᠡᠭᠡᠭᠡᠪᠦᠷᠢᠯᠡᠯᠲᠡ ᠶᠢᠨ ᠬᠡᠮᠵᠢᠶ᠎ᠡ ᠥᠰᠦᠯᠲᠡ ᠲᠡᠢ ᠪᠠᠢᠢᠨ᠎ᠠ᠃ ᠪᠢᠳᠡᠨ ᠳᠥ ᠸᠯᠠᠳᠢᠸᠤᠰᠲ᠋ᠣᠺ ᠬᠣᠲᠠ ᠳᠤ ᠦᠷᠭᠦᠯᠵᠢᠯᠡᠭᠦᠯᠦᠨ ᠨᠠᠷᠢᠨ ᠠᠪᠴᠤ ᠬᠡᠯᠡᠯᠴᠡᠬᠦ ᠣᠯᠠᠨ ᠵᠦᠢᠯ ᠪᠤᠢ》 ᠭᠡᠯ᠎ᠡ᠃

 

ᠠᠭᠤᠯᠵᠠᠯᠲᠠ ᠶᠢᠨ ᠲᠡᠭᠦᠰᠬᠡᠯ ᠳᠥ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦᠲ᠋ᠢᠨ ᠨᠠᠷ ᠶᠢᠰᠦᠳᠦᠭᠡᠷ ᠰᠠᠷ᠎ᠠ ᠶᠢᠨ ᠡᠬᠢ ᠪᠡᠷ ᠸᠯᠠᠳᠢᠸᠤᠰᠲ᠋ᠣᠺ ᠬᠣᠲᠠᠨ᠎ᠠ ᠠᠵᠢᠯ ᠬᠡᠷᠡᠭᠴᠢ ᠣᠯᠠᠨ ᠰᠠᠨᠠᠯ ᠲᠠᠢ ᠪᠠᠷ ᠳᠠᠬᠢᠨ ᠠᠭᠤᠯᠵᠠᠬᠤ ᠪᠠᠨ ᠢᠯᠡᠷᠬᠡᠶᠢᠯᠡᠯ᠎ᠡ᠃