Та "Internet explorer"-ийн сүүлийн хувилбар болох "Microsoft edge"-г ашиглана уу

Хэрэв "Microsoft edge"-г татах бол энд дарж татаж авна уу

ᠮᠣᠩᠭᠤᠯ ᠤᠯᠤᠰ ᠤᠨ ᠶᠡᠷᠦᠩᠬᠡᠢᠢᠯᠡᠭᠴᠢᠬ.ᠪᠠᠲᠤᠲᠤᠯᠭ᠎ᠠ 2017-2018 ᠣᠨ ᠤ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠶᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠦᠯ᠎ᠡ

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2017-2018 ᠣᠨ ᠤ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠶᠢ ᠲᠣᠬᠢᠶᠠᠯᠳᠤᠭᠤᠯᠵᠤ ᠮᠣᠩᠭ᠋ᠤᠯ ᠤᠯᠤᠰ ᠤᠨ ᠨᠡᠢᠢᠲᠡ ᠠᠷᠠᠳ ᠢᠷᠭᠡᠳ᠂ ᠰᠤᠷᠤᠭᠴᠢ᠂ ᠣᠶᠤᠲᠠᠨ᠂ ᠪᠠᠭᠰᠢ᠂ ᠰᠤᠷᠭᠠᠨ ᠬᠦᠮᠦᠵᠢᠭᠦᠯᠦᠭᠴᠢᠳ ᠲᠥ ᠬᠠᠨᠳᠤᠨ ᠮᠡᠨᠳᠦᠴᠢᠯᠡᠭᠡ ᠳᠡᠪᠰᠢᠭᠦᠯᠦᠯ᠎ᠡ᠃

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠡᠨᠳᠦᠴᠢᠯᠡᠭᠡᠨ ᠳᠥ ᠪᠡᠨ 《ᠮᠣᠩᠭ᠋ᠤᠯ ᠤᠯᠤᠰ ᠤᠨ ᠨᠡᠶᠢᠲᠡ ᠠᠷᠠᠳ ᠢᠷᠭᠡᠳ᠂ ᠬᠡᠦᠬᠡᠳ ᠵᠠᠯᠠᠭᠤᠴᠤᠳ᠂ ᠪᠠᠭᠰᠢ᠂ ᠰᠤᠷᠭᠠᠨ ᠬᠦᠮᠦᠵᠢᠭᠦᠯᠦᠭᠴᠢᠳ ᠡ!

ᠡᠷᠳᠡᠮ ᠨᠣᠮ ᠳᠤ ᠪᠠᠨ ᠰᠢᠮᠳᠠᠨ ᠰᠤᠷᠤᠯᠴᠠᠬᠤ ᠶᠢᠰᠦᠳᠦᠭᠡᠷ ᠰᠠᠷ᠎ᠠ ᠶᠢᠨ ᠨᠢᠭᠡᠨ ᠦ ᠪᠠᠶᠠᠷᠲᠤ ᠡᠳᠦᠷ ᠦᠨ ᠮᠡᠨᠳᠦᠴᠢᠯᠡᠭᠡ ᠳᠡᠪᠰᠢᠭᠦᠯᠦᠶ᠎ᠡ! ᠬᠢᠴᠢᠶᠡᠯ ᠦᠨ ᠴᠦᠩᠬᠦ ᠪᠡᠨ ᠮᠥᠷᠥᠪᠴᠢᠯᠡᠨ ᠡᠷᠳᠡᠮ ᠨᠣᠮ ᠤᠨ ᠵᠠᠮ ᠳᠤ ᠪᠠᠨ ᠭᠠᠷᠴᠤ᠂ ᠲᠥᠷᠥᠯᠬᠢ ᠰᠤᠷᠭᠠᠭᠤᠯᠢ ᠶᠢᠨ ᠢᠶᠠᠨ ᠭᠠᠳᠠᠭ᠎ᠠ ᠱᠤᠤᠭᠢᠯᠳᠤᠬᠤ ᠬᠡᠦᠬᠡᠳ ᠵᠠᠯᠠᠭᠤᠰ ᠤᠨ ᠪᠠᠶᠠᠷ ᠬᠥᠷ ᠢᠶᠡᠷ ᠤᠯᠤᠰ ᠣᠷᠣᠨ ᠮᠠᠨᠢ ᠪᠢᠯᠬᠠᠵᠤ ᠪᠠᠢᠢᠨ᠎ᠠ᠃ ᠮᠢᠩᠭ᠋᠎ᠠ ᠮᠢᠩᠭ᠋ᠠᠨ ᠪᠠᠯᠴᠢᠷ ᠨᠢᠯᠬ᠎ᠠ ᠢᠷᠭᠡᠳ ᠮᠠᠨᠢ ᠠᠪᠤ ᠡᠵᠢ ᠶᠢᠨ ᠢᠶᠡᠨ ᠭᠠᠷ ᠠᠴᠠ ᠬᠥᠲᠥᠯᠦᠨ ᠴᠡᠴᠡᠷᠯᠢᠭ ᠶᠠᠰᠯᠢ ᠶᠢᠨ ᠢᠶᠠᠨ ᠵᠦᠭ ᠶᠠᠭᠠᠷᠠᠨ ᠠᠯᠬᠤᠵᠤ ᠪᠠᠢᠢᠨ᠎ᠠ᠃ ᠤᠯᠤᠰ ᠣᠷᠣᠨ ᠤ ᠮᠠᠨᠢ ᠢᠷᠡᠭᠡᠳᠦᠢ ᠪᠣᠯᠤᠭᠰᠠᠨ ᠡᠳᠡᠭᠡᠷ ᠬᠡᠦᠬᠡᠳ ᠵᠠᠯᠠᠭᠤᠴᠤᠳ ᠤᠨ ᠪᠦᠲᠦᠨ ᠵᠢᠯ ᠦᠨ ᠲᠤᠷᠰᠢ ᠶᠠᠭᠤ ᠶᠢ ᠰᠤᠷᠴᠤ᠂ ᠶᠠᠭᠤ ᠶᠢ ᠮᠡᠳᠡᠵᠦ ᠠᠪᠴᠤ᠂ ᠪᠦᠲᠦᠭᠡᠵᠦ ᠲᠤᠭᠤᠷᠪᠢᠬᠤ ᠠᠴᠠ ᠮᠣᠩᠭ᠋ᠤᠯ ᠤᠯᠤᠰ ᠤᠨ ᠬᠥᠭ᠍ᠵᠢᠯ ᠢ ᠬᠣᠶᠢᠴᠢ ᠳᠤ ᠲᠦᠭᠦᠴᠢᠭᠡᠯᠡᠬᠦ ᠡᠷᠳᠡᠮ ᠮᠡᠳᠡᠯᠭᠡ ᠶᠢᠨ ᠬᠤᠷᠢᠮᠳᠤᠯᠠᠯ᠂ ᠣᠶᠤᠨ ᠪᠣᠯᠪᠠᠰᠤᠷᠠᠯ᠂ ᠤᠯᠤᠰ ᠤᠨ ᠮᠠᠨᠢ ᠭᠠᠳᠠᠭᠠᠳᠤ ᠳ᠋ᠠᠬᠢ ᠨᠡᠷ᠎ᠡ ᠬᠦᠨᠳᠦ ᠶᠡᠬᠡᠬᠡᠨ ᠬᠠᠮᠢᠶᠠᠷᠤᠨ᠎ᠠ᠃

ᠮᠣᠩᠭ᠋ᠤᠯ ᠤᠯᠤᠰ ᠤᠨ ᠲᠥᠷᠥ᠂ ᠵᠠᠰᠠᠭ ᠤᠨ ᠭᠠᠵᠠᠷ ᠠᠴᠠ ᠪᠠᠭᠰᠢ ᠶᠢᠨ ᠬᠥᠳᠡᠯᠮᠦᠷᠢ ᠶᠢ ᠦᠨᠡᠯᠡᠬᠦ ᠳᠥ ᠳᠣᠷᠪᠢᠲᠠᠢ ᠥᠭᠡᠷᠡᠴᠢᠯᠡᠯᠲᠡ ᠬᠢᠬᠦ ᠨᠢ ᠵᠠᠶᠢᠯᠠᠰᠢ ᠦᠭᠡᠢ ᠶᠢᠨ ᠵᠡᠷᠭᠡᠴᠡᠭᠡ ᠰᠤᠷᠤᠭᠴᠢᠳ ᠨᠢ ᠰᠤᠷᠤᠯᠭ᠎ᠠ ᠶᠢᠨ ᠴᠢᠨᠠᠷ ᠤᠨ ᠦᠵᠡᠭᠦᠯᠦᠯᠲᠡ ᠪᠡᠷ ᠢᠶᠡᠨ ᠲᠡᠷᠢᠭᠦᠯᠡᠳᠡᠭ ᠪᠠᠭᠰᠢ ᠨᠠᠷ ᠢ ᠠᠵᠢᠯᠯᠠᠭᠰᠠᠨ ᠵᠢᠯ ᠬᠠᠷᠠᠭᠠᠯᠵᠠᠬᠤ ᠦᠭᠡᠢ ᠤᠷᠮᠠᠰᠢᠭᠤᠯᠤᠨ ᠲᠡᠳᠭᠦᠬᠦ ᠵᠠᠮ ᠢᠶᠠᠷ ᠴᠠᠯᠢᠩ ᠬᠥᠯᠥᠰᠥ᠂ ᠢᠯᠡᠭᠦᠦ ᠴᠠᠭ ᠤᠨ ᠮᠥᠩᠭᠥᠨ ᠣᠯᠭᠣᠪᠤᠷᠢ ᠶᠢ ᠲᠣᠭᠲᠠᠭᠠᠬᠤ ᠨᠢ ᠴᠢᠬᠤᠯᠠ ᠪᠠᠢᠢᠨ᠎ᠠ᠃

《ᠡᠷᠳᠡᠮ ᠰᠤᠷᠤᠶ᠎ᠠ ᠭᠡᠪᠡᠯ ᠰᠡᠳᠬᠢᠯ ᠢᠶᠡᠨ ᠲᠣᠭᠲᠠᠭ᠎ᠠ》 ᠭᠡᠰᠡᠨ ᠮᠡᠷᠭᠡᠨ ᠦᠭᠡ ᠪᠤᠢ᠃ ᠬᠣᠷᠢᠨ ᠨᠢᠭᠡᠳᠦᠭᠡᠷ ᠵᠠᠭᠤᠨ ᠤ ᠬᠥᠭ᠍ᠵᠢᠯ ᠳᠡᠪᠰᠢᠯ ᠡᠴᠡ ᠰᠤᠷᠤᠯᠴᠠᠨ᠂ ᠣᠷᠴᠢᠨ ᠦᠶ᠎ᠡ ᠶᠢᠨ ᠮᠡᠳᠡᠭᠡ ᠮᠡᠳᠡᠭᠡᠯᠡᠯ ᠦᠨ ᠴᠥᠮ᠎ᠡ ᠳᠥ ᠡᠷᠭᠢᠯᠳᠦᠵᠦ ᠪᠠᠢᠢᠭ᠎ᠠ ᠬᠡᠦᠬᠡᠳ ᠵᠠᠯᠠᠭᠤᠰ ᠮᠠᠨᠢ ᠬᠥᠭ᠍ᠵᠢᠯ ᠦᠨ ᠰᠥᠷᠭᠦ ᠲᠠᠯ ᠤᠳ ᠠᠴᠠ ᠥᠪᠡᠷᠰᠡᠳ ᠢ ᠪᠡᠨ ᠠᠪᠴᠤ ᠦᠯᠡᠳᠡᠬᠦ ᠶᠢᠨ ᠲᠤᠯᠠᠳᠠ ᠠᠯᠢᠪᠠ ᠳᠤ ᠠᠪᠬᠤ ᠭᠡᠭᠡᠬᠦ ᠶᠢᠨ ᠤᠬᠠᠭᠠᠨ ᠢᠶᠠᠷ ᠬᠠᠨᠳᠤᠳᠠᠭ ᠪᠠᠢᠢᠬᠤ ᠶᠣᠰᠣᠲᠠᠢ᠃ ᠠᠩᠭᠢ ᠲᠠᠩᠬᠢᠮ᠂ ᠬᠢᠴᠢᠶᠡᠯ ᠦᠨ ᠰᠢᠷᠡᠭᠡᠨ ᠦ ᠠᠷᠤ ᠳᠤ ᠢᠨ᠋ᠲ᠋ᠧᠷᠨᠡᠲ᠂ ᠭᠠᠷ ᠤᠲᠠᠰᠤ ᠶᠢ ᠨᠡᠩ ᠬᠡᠷᠡᠭ ᠲᠡᠢ ᠦᠶ᠎ᠡ ᠳᠥ ᠠᠰᠢᠭᠯᠠᠵᠤ᠂ ᠬᠡᠲᠦ ᠬᠡᠷᠡᠭᠯᠡᠭᠡ ᠪᠡᠨ ᠬᠢᠵᠠᠭᠠᠷᠯᠠᠬᠤ ᠲᠤᠬᠠᠢ ᠳᠤ ᠡᠴᠢᠭᠡ ᠡᠬᠡᠴᠦᠳ᠂ ᠠᠷᠠᠳ ᠢᠷᠭᠡᠳ ᠰᠡᠭᠦᠯ ᠦᠨ ᠵᠢᠯ ᠦᠳ ᠲᠥ ᠣᠨᠴᠠᠭᠠᠢ ᠰᠠᠨᠠᠯ ᠰᠢᠭᠦᠮᠵᠢᠯᠡᠯ ᠥᠷᠨᠢᠭᠦᠯᠳᠡᠭ ᠪᠣᠯᠤᠭᠰᠠᠨ ᠪᠠᠢᠢᠨ᠎ᠠ᠃

ᠬᠡᠦᠬᠡᠳ ᠵᠠᠯᠠᠭᠤᠰ ᠲᠠ ᠪᠦᠬᠦᠨ ᠬᠢᠴᠢᠶᠡᠯ ᠦᠨ ᠰᠢᠨ᠎ᠡ ᠵᠢᠯ ᠦᠨ ᠡᠬᠢᠨ ᠡᠴᠡ ᠡᠬᠡ ᠬᠡᠯᠡ ᠪᠡᠷ ᠢᠶᠡᠨ ᠵᠥᠪ ᠶᠠᠷᠢᠳᠠᠭ᠂ ᠭᠠᠷ ᠢᠶᠠᠷ ᠢᠶᠠᠨ ᠴᠡᠪᠡᠷ ᠰᠠᠶᠢᠬᠠᠨ ᠪᠢᠴᠢᠳᠡᠭ᠂ ᠳᠥᠷᠪᠡᠨ ᠠᠷᠭ᠎ᠠ ᠶᠢᠨ ᠲᠣᠭ᠎ᠠ ᠶᠢ ᠴᠡᠭᠡᠵᠢ ᠪᠡᠷ ᠢᠶᠡᠨ ᠪᠣᠳᠣᠳᠠᠭ᠂ ᠰᠠᠨᠠᠭ᠎ᠠ ᠪᠠᠷ ᠢᠶᠠᠨ ᠤᠷᠠᠨ ᠢᠷᠠᠭᠤ ᠨᠠᠶᠢᠷᠠᠭᠤᠯᠳᠠᠭ᠂ ᠪᠢᠷ᠎ᠠ᠂ ᠬᠤᠷᠳᠤ ᠪᠠᠷ ᠢᠶᠠᠨ ᠰᠢᠳᠤᠷᠭᠤ ᠥᠷᠢᠰᠦᠯᠳᠦᠳᠡᠭ᠂ ᠰᠡᠳᠬᠢᠯ ᠦᠨ ᠢᠶᠡᠨ ᠥᠩᠭᠡ ᠪᠡᠷ ᠵᠢᠷᠤᠵᠤ ᠪᠤᠳᠠᠳᠠᠭ ᠡᠩ ᠦᠨ ᠳᠠᠳᠤᠯ ᠳᠤ ᠰᠤᠷᠤᠯᠴᠠᠬᠤ ᠶᠢ ᠡᠷᠬᠢᠮᠯᠡᠨ ᠬᠢᠴᠢᠶᠡᠭᠡᠷᠡᠢ᠃ ᠡᠨᠡᠬᠦ ᠳᠠᠳᠤᠯ ᠪᠣᠯ ᠱᠠᠪᠢ ᠬᠦᠮᠦᠨ ᠦ ᠰᠡᠳᠬᠢᠯ ᠢ ᠲᠣᠭᠲᠠᠭᠠᠨ ᠲᠥᠪᠰᠢᠷᠡᠭᠦᠯᠬᠦ ᠬᠥᠷᠥᠰᠥ ᠪᠣᠯᠵᠤ᠂ ᠲᠣᠭᠲᠠᠭᠰᠠᠨ ᠤᠬᠠᠮᠰᠠᠷ᠂ ᠰᠡᠳᠬᠢᠯ ᠳᠥ ᠡᠷᠳᠡᠮ ᠦᠨ ᠦᠷ᠎ᠡ ᠰᠠᠭᠤᠯᠭᠠᠵᠤ ᠴᠢᠳᠠᠪᠠᠰᠤ ᠬᠣᠵᠢᠮ ᠢᠶᠠᠨ ᠠᠷᠪᠢᠨ ᠤᠷᠭᠤᠴᠠ ᠬᠤᠷᠢᠶᠠᠳᠠᠭ ᠢ ᠡᠷᠬᠢᠮ ᠮᠡᠷᠭᠡᠨ ᠪᠠᠭᠰᠢ ᠨᠠᠷ ᠮᠠᠨᠢ ᠠᠩᠬᠠᠷᠤᠯ ᠳᠤ ᠪᠠᠨ ᠠᠪᠤᠨ᠎ᠠ ᠭᠡᠵᠦ ᠢᠲᠡᠭᠡᠵᠦ ᠪᠠᠢᠢᠨ᠎ᠠ᠃

ᠮᠣᠩᠭ᠋ᠤᠯ ᠤᠯᠤᠰ ᠤᠨ ᠲᠥᠷᠥ ᠶᠢᠨ ᠲᠡᠷᠢᠭᠦᠨ ᠦ ᠪᠦᠷᠢᠨ ᠡᠷᠬᠡ ᠡᠭᠦᠷᠭᠡ ᠶᠢᠨ ᠳᠠᠭᠠᠭᠤ᠂ ᠵᠢᠯ ᠪᠦᠷᠢ ᠶᠢᠨ ᠶᠢᠰᠦᠳᠦᠭᠡᠷ ᠰᠠᠷ᠎ᠠ ᠶᠢᠨ 1– ᠢ ᠡᠬᠡ ᠬᠡᠯᠡᠨ ᠦ ᠡᠳᠦᠷ ᠪᠣᠯᠭᠠᠨ ᠵᠠᠷᠯᠠᠵᠤ ᠪᠦᠬᠦ ᠨᠡᠶᠢᠲᠡ ᠪᠡᠷ ᠲᠡᠮᠳᠡᠭᠯᠡᠨ ᠥᠩᠭᠡᠷᠡᠭᠦᠯᠬᠦ ᠵᠠᠷᠯᠢᠭ ᠭᠠᠷᠭᠠᠯ᠎ᠠ᠃ ᠲᠥᠷᠥᠯᠬᠢ ᠮᠣᠩᠭ᠋ᠤᠯ ᠡᠬᠡ ᠬᠡᠯᠡ ᠪᠡᠷ ᠢᠶᠡᠨ ᠵᠥᠪ ᠶᠠᠷᠢᠵᠤ ᠵᠥᠪ ᠪᠢᠴᠢᠵᠦ ᠰᠤᠷᠴᠤ ᠬᠡᠪᠰᠢᠭᠦᠯᠵᠡᠭᠡᠶ᠎ᠡ᠃ ᠡᠬᠡ ᠬᠡᠯᠡ ᠪᠡᠨ ᠬᠠᠶᠢᠷᠠᠯᠠᠳᠠᠭ ᠬᠦᠮᠦᠨ ᠡᠬᠡ ᠣᠷᠣᠨ ᠢᠶᠠᠨ ᠬᠠᠶᠢᠷᠠᠯᠠᠳᠠᠭ ᠢᠷᠭᠡᠨ ᠮᠥᠨ᠃

ᠡᠬᠡ ᠬᠡᠯᠡᠨ ᠦ ᠡᠳᠦᠷ ᠦᠨ ᠬᠦᠷᠢᠶᠡᠨ ᠳᠥ ᠶᠢᠰᠦᠳᠦᠭᠡᠷ ᠰᠠᠷ᠎ᠠ ᠶᠢᠨ 1 ᠍ ᠦ ᠡᠳᠦᠷ ᠦᠨ ᠨᠢᠭᠡᠳᠦᠭᠡᠷ ᠴᠠᠭ ᠤᠨ ᠬᠢᠴᠢᠶᠡᠯ ᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠪᠣᠯᠤᠨ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠤᠨ ᠪᠠᠢᠢᠭᠤᠯᠤᠯᠭ᠎ᠠ ᠨᠤᠭᠤᠳ ᠮᠣᠩᠭ᠋ᠤᠯ ᠬᠡᠯᠡ᠂ ᠮᠣᠩᠭ᠋ᠤᠯ ᠤᠷᠠᠨ ᠵᠣᠬᠢᠶᠠᠯ ᠤᠨ ᠬᠢᠴᠢᠶᠡᠯ ᠪᠣᠯᠭᠠᠨ ᠥᠭᠡᠷᠡᠴᠢᠯᠡᠵᠦ ᠨᠡᠮᠡᠯᠲᠡ ᠪᠡᠷ ᠣᠷᠣᠭᠤᠯᠬᠤ ᠶᠢ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠶᠠᠮᠤ ᠲᠠᠢ ᠲᠣᠬᠢᠷᠠᠯᠴᠠᠭᠰᠠᠨ ᠤ ᠳᠠᠭᠠᠭᠤ ᠬᠢᠴᠢᠶᠡᠯ ᠦᠨ ᠰᠢᠨ᠎ᠡ ᠵᠢᠯ ᠡᠬᠢᠯᠡᠵᠦ ᠪᠠᠢᠢᠨ᠎ᠠ᠃ ᠶᠡᠬᠡ ᠳᠡᠭᠡᠳᠦ ᠰᠤᠷᠭᠠᠭᠤᠯᠢ ᠨᠤᠭᠤᠳ ᠤᠨ ᠬᠢᠴᠢᠶᠡᠯ ᠦᠨ ᠨᠢᠭᠡᠳᠦᠭᠡᠷ ᠴᠠᠭ ᠢ ᠮᠣᠩᠭ᠋ᠤᠯ ᠲᠡᠦᠬᠡ ᠶᠢᠨ ᠬᠢᠴᠢᠶᠡᠯ ᠪᠣᠯᠭᠠᠵᠤ ᠣᠷᠣᠭᠤᠯᠬᠤ ᠪᠠᠷ ᠲᠣᠭᠲᠠᠯ᠎ᠠ᠃

ᠮᠣᠩᠭ᠋ᠤᠯ ᠤᠯᠤᠰ ᠲᠤ ᠲᠥᠷᠥ ᠶᠢᠨ ᠪᠣᠯᠤᠨ ᠬᠤᠪᠢ ᠢᠢᠨ ᠬᠡᠪᠰᠢᠯ ᠦᠨ᠂ ᠣᠯᠠᠨ ᠤᠯᠤᠰ ᠤᠨ ᠪᠣᠯᠪᠠᠰᠤᠷᠠᠯ ᠤᠨ ᠬᠠᠷᠢᠯᠴᠠᠨ ᠠᠳᠠᠯᠢ ᠦᠭᠡᠢ ᠰᠲ᠋ᠠᠨ᠋ᠳᠠᠷᠲ ᠤᠨ ᠰᠤᠷᠭᠠᠯᠲᠠ ᠶᠠᠪᠤᠭᠤᠯᠳᠠᠭ ᠪᠦᠬᠦᠢ ᠯᠠ ᠰᠤᠷᠭᠠᠭᠤᠯᠢ᠂ ᠰᠤᠷᠭᠠᠯᠲᠠ ᠶᠢᠨ ᠤᠷᠴᠢᠨ ᠳᠤ ᠮᠣᠩᠭ᠋ᠤᠯ ᠢᠷᠭᠡᠨ ᠢ ᠮᠣᠩᠭ᠋ᠤᠯ ᠬᠡᠯᠡ ᠰᠡᠳᠬᠢᠯᠭᠡ ᠲᠡᠢ᠂ ᠥᠪ ᠲᠡᠭᠰᠢ ᠪᠡᠶ᠎ᠡ ᠪᠢᠯᠳᠠᠷ ᠲᠠᠢ ᠂ ᠴᠡᠪᠡᠷ ᠠᠷᠢᠭᠤᠨ ᠶᠣᠰᠣ ᠰᠤᠷᠲᠠᠬᠤᠨ ᠲᠠᠢ᠂ ᠡᠬᠡ ᠰᠤᠶᠤᠯ᠂ ᠡᠬᠡ ᠣᠷᠣᠨ ᠳᠤ ᠪᠠᠨ ᠬᠠᠶᠢᠷᠠᠲᠠᠢ᠂ ᠡᠷᠳᠡᠮ ᠮᠡᠳᠡᠯᠭᠡ ᠲᠡᠭᠦᠰ ᠢᠷᠭᠡᠨ ᠪᠣᠯᠭᠠᠵᠤ ᠪᠡᠯᠡᠳᠬᠡᠨ ᠭᠠᠷᠭᠠᠬᠤ ᠬᠠᠷᠢᠭᠤᠴᠠᠯᠭ᠎ᠠ ᠲᠠᠢ ᠴᠠᠭ ᠮᠥᠴᠡ ᠲᠣᠬᠢᠶᠠᠵᠤ ᠪᠠᠢᠢᠨ᠎ᠠ᠃

ᠬᠦᠨᠳᠦᠳᠦ ᠪᠠᠭᠰᠢ ᠨᠠᠷ᠂ ᠰᠤᠷᠭᠠᠨ ᠬᠦᠮᠦᠵᠢᠭᠦᠯᠦᠭᠴᠢᠳ ᠡ!

ᠣᠶᠤᠲᠠᠨ ᠰᠤᠷᠤᠭᠴᠢᠳ᠂ ᠡᠴᠢᠭᠡ ᠡᠬᠡᠴᠦᠳ᠂ ᠠᠷᠠᠳ ᠢᠷᠭᠡᠳ ᠡ!

ᠮᠣᠩᠭ᠋ᠤᠯ ᠬᠦᠮᠦᠨ ᠦ ᠣᠶᠤᠨ ᠪᠣᠯᠪᠠᠰᠤᠷᠠᠯ᠂ ᠡᠷᠳᠡᠮ ᠮᠡᠳᠡᠯᠭᠡ᠂ ᠲᠡᠭᠦᠨ ᠦ ᠴᠢᠨᠠᠷ ᠴᠢᠨᠰᠠᠭ᠎ᠠ᠂ ᠣᠯᠠᠨ ᠤᠯᠤᠰ ᠲᠤ ᠥᠷᠢᠰᠦᠯᠳᠡᠬᠦ ᠴᠢᠳᠠᠪᠤᠷᠢ ᠨᠢ ᠮᠣᠩᠭ᠋ᠤᠯ ᠲᠥᠷᠥ ᠶᠢᠨ ᠪᠣᠳᠣᠯᠭ᠎ᠠ᠂ ᠠᠩᠬᠠᠷᠤᠯ ᠤᠨ ᠲᠥᠪ ᠲᠥ ᠪᠠᠢᠢᠭᠰᠠᠭᠠᠷ ᠢᠷᠡᠭᠰᠡᠨ ᠪᠥᠭᠡᠳ ᠢᠷᠭᠡᠳ ᠦᠨ ᠢᠶᠡᠨ ᠰᠤᠷᠴᠤ ᠮᠡᠳᠡᠬᠦ᠂ ᠥᠪᠡᠷ ᠢ ᠪᠡᠨ ᠬᠥᠭ᠍ᠵᠢᠭᠦᠯᠬᠦ ᠵᠦᠢ ᠶᠣᠰᠣᠨ ᠤ ᠲᠡᠮᠡᠦᠯᠡᠯ ᠢ ᠨᠢ ᠳᠡᠮᠵᠢᠨ᠂ ᠬᠠᠮᠲᠤᠷᠠᠨ ᠠᠵᠢᠯᠯᠠᠬᠤ ᠲᠠ ᠪᠢᠳᠡᠨ ᠦ ᠬᠢᠴᠢᠶᠡᠯ ᠦᠨ ᠰᠢᠨ᠎ᠡ ᠵᠢᠯ ᠡᠬᠢᠯᠡᠯ᠎ᠡ!

ᠬᠢᠴᠢᠶᠡᠯ ᠦᠨ ᠰᠢᠨ᠎ᠡ ᠵᠢᠯ ᠦᠨ ᠮᠡᠨᠳᠦ ᠬᠦᠷᠭᠡᠶ᠎ᠡ!》 ᠭᠡᠯ᠎ᠡ᠃

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠢᠨ 2017-2018 ᠣᠨ ᠤ ᠬᠢᠴᠢᠶᠡᠯ ᠦᠨ ᠵᠢᠯ ᠦᠨ ᠨᠡᠭᠡᠭᠡᠯᠲᠡ ᠳᠥ ᠵᠣᠷᠢᠭᠤᠯᠵᠤ ᠡᠶᠢᠨ ᠬᠦ ᠮᠡᠨᠳᠦᠴᠢᠯᠡᠭᠡ ᠳᠡᠪᠰᠢᠭᠦᠯᠬᠦ ᠳᠥ ᠮᠣᠩᠭ᠋ᠤᠯ ᠤᠯᠤᠰ ᠤᠨ ᠠᠷᠠᠳ ᠤᠨ ᠪᠠᠭᠰᠢ᠂ ᠮᠣᠩᠭ᠋ᠤᠯ ᠬᠡᠯᠡ ᠤᠷᠠᠨ ᠵᠣᠬᠢᠶᠠᠯ ᠤᠨ ᠪᠠᠭᠰᠢ ᠲ ∙ ᠲᠡᠮᠦᠷ᠂ ᠪᠠᠶᠠᠨᠵᠢᠷᠦᠬᠡ ᠳᠡᠭᠦᠷᠭᠡ ᠶᠢᠨ 33 ᠳ᠋ᠤᠭᠠᠷ ᠰᠤᠷᠭᠠᠭᠤᠯᠢ ᠶᠢᠨ ᠮᠣᠩᠭ᠋ᠤᠯ ᠬᠡᠯᠡ᠂ ᠤᠷᠠᠨ ᠵᠣᠬᠢᠶᠠᠯ ᠤᠨ ᠪᠠᠭᠰᠢ ᠪ ∙ ᠴᠣᠯᠮᠣᠨᠭᠡᠷᠡᠯ᠂ ᠦᠢᠯᠡᠳᠪᠦᠷᠢᠯᠡᠯ ᠤᠷᠠᠯᠠᠯ ᠤᠨ ᠫᠣᠯᠢᠲ᠋ᠧᠭᠨᠢᠭ ᠤᠨ ᠺᠣᠯᠯᠧᠵᠢ ᠶᠢᠨ ᠤᠷᠠᠨ ᠰᠡᠶᠢᠯᠪᠦᠷᠢ᠂ ᠮᠣᠩᠭ᠋ᠤᠯ ᠳᠠᠷᠬᠠᠨ ᠤ ᠠᠩᠬᠢ ᠶᠢᠨ ᠣᠶᠤᠲᠠᠨ ᠯ ∙ ᠬᠡᠰᠢᠭ᠍ᠪᠠᠭᠠᠲᠤᠷ᠂ 《ᠰᠢᠨ᠎ᠡ ᠮᠣᠩᠭ᠋ᠤᠯ》 ᠰᠤᠷᠭᠠᠭᠤᠯᠢ ᠶᠢᠨ 1 ᠳᠦᠭᠡᠷ ᠠᠩᠬᠢ ᠶᠢᠨ ᠰᠤᠷᠤᠭᠴᠢ ᠡ᠊ ∙ ᠡᠩ ᠦᠨ ᠪᠣᠯᠤᠨ ᠪᠠᠭ᠎ᠠ᠂ ᠳᠤᠮᠳᠠ ᠠᠬᠠᠯᠠᠬᠤ ᠠᠩᠬᠢ ᠶᠢᠨ ᠰᠤᠷᠤᠭᠴᠢᠳ᠂ ᠣᠶᠤᠲᠠᠨ ᠨᠤᠭᠤᠳ ᠤᠨ ᠲᠥᠯᠥᠭᠡᠯᠡᠯ ᠣᠷᠣᠯᠴᠠᠯ᠎ᠠ᠃ ᠡᠨᠡ ᠦᠶ᠎ᠡ ᠪᠡᠷ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ 23 ᠳ᠋ᠤᠭᠠᠷ ᠰᠤᠷᠭᠠᠭᠤᠯᠢ ᠶᠢᠨ 6 ᠳ᠋ᠤᠭᠠᠷ ᠠᠩᠬᠢ ᠶᠢᠨ ᠰᠤᠷᠤᠭᠴᠢ ᠮ ∙ ᠨᠣᠮᠤᠭᠤᠨ ᠥᠪᠡᠷ ᠦᠨ ᠢᠶᠡᠨ ᠠᠩᠬᠠᠨ ᠤ ᠤᠷᠠᠨ ᠪᠦᠲᠦᠭᠡᠯ 《ᠭᠡᠭᠡᠭᠡᠨᠲᠡᠨ ᠦ ᠨᠠᠶᠢᠵᠠ》 ᠨᠣᠮ ᠢᠶᠠᠨ ᠪᠡᠯᠡᠭᠯᠡᠪᠡ᠃