Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍∙ ᠪᠠᠲᠤᠲᠤᠯᠭ᠎ᠠ ᠣᠷᠣᠰ ᠤᠨ ᠲᠡᠮᠦᠷ ᠵᠠᠮ ᠤᠳ ᠨᠡᠭᠡᠭᠡᠯᠲᠡᠲᠡᠢ ᠬᠤᠪᠢᠴᠠᠭᠠᠲᠤ ᠨᠡᠶᠢᠭᠡᠮᠯᠢᠭ ᠤᠨ ᠶᠡᠷᠦᠩᠬᠡᠶᠢᠯᠡᠭᠴᠢ ᠶᠢ ᠬᠦᠯᠢᠶᠡᠨ ᠠᠪᠴᠤ ᠠᠭᠤᠯᠵᠠᠪᠠ

 

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠣᠷᠣᠰ ᠬᠣᠯᠪᠣᠭᠠᠨ ᠤ ᠤᠯᠤᠰ ᠤᠨ ᠣᠷᠣᠰ ᠤᠨ ᠲᠡᠮᠦᠷ ᠵᠠᠮ ᠤᠳ ᠨᠡᠭᠡᠭᠡᠯᠲᠡᠲᠡᠢ ᠬᠤᠪᠢᠴᠠᠭᠠᠲᠤ ᠨᠡᠢᠢᠭᠡᠮᠯᠢᠭ᠌ ᠦᠨ ᠶᠡᠷᠦᠩᠬᠡᠢᠢᠯᠡᠭᠴᠢ ᠣᠯᠧᠭ ᠸᠠᠯᠧᠨ᠋ᠲ᠋ᠣᠨᠢᠸᠢᠴ ᠪᠧᠯᠣᠽᠢᠷᠤᠸ ᠢ ᠬᠦᠯᠢᠶᠡᠨ ᠠᠪᠴᠤ ᠠᠭᠤᠯᠵᠠᠯ᠎ᠠ᠃ ᠮᠣᠩ᠋ᠭᠣᠯ  ᠤᠯᠤᠰ ᠲᠤ ᠪᠣᠭᠣᠨᠢ ᠬᠤᠭᠤᠴᠠᠭᠠᠨ ᠳᠤ ᠠᠵᠢᠯᠯᠠᠬᠤ ᠪᠠᠷ ᠢᠷᠡᠭᠰᠡᠨ ᠣᠯᠧᠭ ᠸᠠᠯᠧᠨ᠋ᠲ᠋ᠣᠨᠢᠸᠢᠴ ᠪᠧᠯᠣᠽᠢᠷᠤᠸ ᠨᠢ 2015 ᠣᠨ ᠠᠴᠠ 《ᠣᠷᠣᠰ ᠤᠨ ᠲᠡᠮᠦᠷ ᠵᠠᠮ ᠤᠳ》ᠨᠡᠭᠡᠭᠡᠯᠲᠡᠲᠡᠢ ᠬᠤᠪᠢᠴᠠᠭᠠᠲᠤ ᠨᠡᠢᠢᠭᠡᠮᠯᠢᠭ᠌  ᠦᠨ ᠶᠡᠷᠦᠩᠬᠡᠢᠢᠯᠡᠭᠴᠢ᠂ ᠶᠡᠷᠦᠩᠬᠡᠢ ᠵᠠᠬᠢᠷᠤᠯ ᠢᠶᠠᠷ ᠲᠣᠮᠢᠯᠠᠭᠳᠠᠭᠰᠠᠨ ᠠᠴᠠ ᠪᠠᠨ ᠬᠣᠢᠢᠰᠢ ᠬᠣᠶᠠᠷ ᠤᠯᠤᠰ ᠤᠨ ᠲᠡᠮᠦᠷ ᠵᠠᠮ ᠤᠨ ᠲᠡᠭᠡᠭᠡᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠳᠤ ᠪᠡᠶᠡᠴᠢᠯᠡᠨ ᠣᠷᠣᠯᠴᠠᠵᠤ ᠪᠠᠢᠢᠭ᠎ᠠ ᠶᠤᠮ᠃

 

ᠠᠭᠤᠯᠵᠠᠯᠲᠠ ᠢᠢᠨ ᠦᠶ᠎ᠡ ᠪᠡᠷ ᠣ᠊ ∙ ᠸ ∙ ᠪᠧᠯᠣᠽᠢᠷᠤᠪ ᠨᠢ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠢᠢ ᠬᠦᠯᠢᠶᠡᠨ ᠠᠪᠴᠤ ᠠᠭᠤᠯᠵᠠᠵᠤ ᠪᠠᠢᠢᠭᠠᠳ ᠲᠠᠯᠠᠷᠬᠠᠭᠠᠳ ᠣᠷᠣᠰ ᠬᠣᠯᠪᠣᠭᠠᠨ ᠤ ᠤᠯᠤᠰ ᠢᠢᠨ ᠲᠡᠮᠦᠷ ᠵᠠᠮ ᠰᠠᠢᠢᠨ ᠠᠵᠢᠯᠯᠠᠵᠤ ᠪᠠᠢᠢᠭ᠎ᠠ᠃ ᠡᠭᠦᠨ ᠡᠴᠡ ᠢᠯᠡᠭᠦᠦ ᠲᠡᠢ ᠤᠯᠠᠭᠠᠨᠪᠠᠭᠠᠲᠤᠷ ᠤᠨ ᠲᠡᠮᠦᠷ ᠵᠠᠮ ᠨᠡᠭᠡᠭᠡᠯᠲᠡᠲᠡᠢ ᠬᠤᠪᠢᠴᠠᠭᠠᠲᠤ ᠨᠡᠢᠢᠭᠡᠮᠯᠢᠭ᠌ ᠢᠯᠡᠭᠦᠦ ᠰᠠᠢᠢᠨ ᠠᠵᠢᠯᠯᠠᠵᠤ ᠪᠠᠢᠢᠭ᠎ᠠ ᠭᠡᠵᠦ ᠬᠡᠯᠡᠭᠰᠡᠨ ᠶᠤᠮ᠃ ᠮᠥᠨ ᠣᠳᠣ ᠬᠢᠭ᠍ᠳᠡᠵᠦ ᠪᠤᠢ ᠲᠡᠮᠦᠷ ᠵᠠᠮ ᠤᠨ ᠰᠢᠨᠡᠴᠢᠯᠡᠯ ᠢ ᠢᠯᠡᠭᠦᠦ ᠬᠤᠷᠳᠤᠨ ᠶᠠᠪᠤᠭᠤᠯᠬᠤ ᠪᠦᠷᠢᠨ ᠪᠣᠯᠤᠮᠵᠢ ᠪᠠᠢᠢᠭ᠎ᠠ᠂ ᠡᠨᠡ ᠠᠵᠢᠯ ᠳᠤ ᠲᠥᠷᠥ ᠢᠢᠨ ᠲᠡᠷᠢᠭᠦᠨ ᠢ ᠠᠩᠬᠠᠷᠴᠤ᠂ ᠲᠤᠰᠯᠠᠬᠤ ᠢᠢ ᠬᠦᠰᠡᠪᠡ᠃

 

ᠬᠠᠷᠢᠨ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠲᠡᠮᠦᠷ ᠵᠠᠮ ᠨᠢ ᠮᠣᠩ᠋ᠭᠣᠯ  ᠤᠨ ᠡᠳ᠋ ᠍ ᠦᠨ ᠵᠠᠰᠠᠭ ᠤᠨ ᠬᠥᠭ᠍ᠵᠢᠯ ᠳᠥ ᠴᠢᠬᠤᠯᠠ ᠨᠥᠯᠥᠭᠡ ᠲᠡᠢ ᠰᠠᠯᠪᠤᠷᠢ ᠪᠣᠯᠬᠤ ᠢᠢ ᠳᠤᠷᠠᠳᠤᠭᠠᠳ᠂ ᠤᠯᠠᠭᠠᠨᠪᠠᠭᠠᠲᠤᠷ ᠤᠨ ᠲᠡᠮᠦᠷ ᠵᠠᠮ ᠤᠨ ᠰᠢᠨᠡᠴᠢᠯᠡᠯ ᠦᠨ ᠠᠰᠠᠭᠤᠳᠠᠯ ᠢᠶᠠᠷ ᠶᠠᠷᠢᠶ᠎ᠠ᠂ ᠬᠡᠯᠡᠯᠴᠡᠭᠡᠷ ᠬᠢᠵᠦ᠂ ᠰᠢᠨᠡᠴᠢᠯᠡᠯ ᠦᠨ ᠠᠵᠢᠯ ᠢ ᠲᠦᠷᠭᠡᠰᠬᠡᠬᠦ ᠬᠦᠰᠡᠯ ᠲᠡᠢ ᠪᠠᠢᠢᠭ᠎ᠠ ᠪᠠᠨ ᠬᠡᠯᠡᠪᠡ᠃ ᠲᠡᠳᠡ ᠤᠯᠠᠭᠠᠨᠪᠠᠭᠠᠲᠤᠷ ᠤᠨ ᠲᠡᠮᠦᠷ ᠵᠠᠮ ᠢ ᠰᠢᠨᠡᠳᠭᠡᠬᠦ ᠪᠣᠯᠤᠮᠵᠢ ᠢᠢᠨ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠭᠰᠠᠨ ᠶᠤᠮ᠃