ᠶᠡᠷᠦᠩᠬᠡᠶᠢᠯᠡᠭᠴᠢ ᠬᠠ‍᠂ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠦᠨᠡᠮᠯᠡᠬᠦᠢ ᠢᠯᠠᠯᠲᠠ ᠪᠠᠶᠢᠭᠤᠯᠤᠭᠰᠠᠨ ᠳᠤ ᠨᠢ ᠣᠷᠣᠰ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠳᠦ ᠪᠠᠶᠠᠷ ᠬᠦᠷᠭᠡᠵᠦ ᠵᠠᠬᠢᠳᠠᠯ ᠢᠯᠡᠭᠡᠪᠡ

ᠶᠡᠷᠦᠩᠬᠡᠢᠢᠯᠡᠭᠴᠢ ᠬᠠ‍᠂ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠰᠣᠩᠭ᠋ᠣᠭᠤᠯᠢ ᠳᠤ ᠦᠨᠡᠮᠯᠡᠬᠦᠢ ᠢᠯᠠᠯᠲᠠ ᠪᠠᠢᠢᠭᠤᠯᠤᠭᠰᠠᠨ ᠳᠤ ᠨᠢ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠳᠤ ᠪᠠᠶᠠᠷ ᠬᠦᠷᠭᠡᠵᠦ ᠵᠠᠬᠢᠳᠠᠯ ᠢᠯᠡᠭᠡᠪᠡ᠃ ᠵᠠᠬᠢᠳᠠᠯ ᠳᠤ ᠪᠠᠨ 《 ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠪᠡᠷ ᠳᠠᠬᠢᠨ ᠰᠣᠩᠭ᠋ᠣᠭᠳᠠᠭᠰᠠᠨ ᠲᠠᠢ ᠬᠣᠯᠪᠣᠭᠳᠠᠭᠤᠯᠤᠨ ᠲᠠᠨ ᠳᠤ ᠴᠢᠩ ᠰᠡᠳᠬᠢᠯ ᠦᠨ ᠪᠠᠶᠠᠷ ᠬᠦᠷᠭᠡᠶ᠎ᠡ᠃

 

ᠶᠡᠷᠦᠩᠬᠡᠢᠢᠯᠡᠭᠴᠢ ᠢᠢᠨ ᠰᠣᠩᠭ᠋ᠣᠭᠤᠯᠢ ᠳᠤ ᠦᠨᠡᠮᠯᠡᠬᠦᠢ 《ᠢᠫᠫᠣᠨ》 ᠢᠯᠠᠯᠲᠠ ᠪᠠᠢᠢᠭᠤᠯᠤᠭᠰᠠᠨ ᠨᠢ ᠣᠷᠣᠰ ᠤᠨ ᠠᠷᠠᠳ ᠲᠦᠮᠡᠨ ᠡᠴᠡ ᠲᠠᠨ ᠳᠤ ᠦᠵᠡᠭᠦᠯᠵᠦ ᠪᠤᠢ ᠥᠨᠳᠦᠷ ᠢᠲᠡᠭᠡᠯ᠂ ᠮᠥᠨ ᠡᠬᠡ ᠣᠷᠣᠨ ᠤ ᠪᠠᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳᠥ ᠲᠠᠨ ᠤ ᠣᠷᠣᠭᠤᠯᠤᠭᠰᠠᠨ ᠦᠨᠡᠲᠡᠢ ᠬᠤᠪᠢ ᠨᠡᠮᠡᠷᠢ ᠢᠢᠨ ᠲᠣᠳᠣ ᠢᠯᠡᠷᠬᠡᠢᠢᠯᠡᠯ ᠭᠡᠵᠦ ᠦᠵᠡᠵᠦ ᠪᠠᠢᠢᠨ᠎ᠠ᠃

 

ᠲᠠᠨ ᠢ ᠶᠡᠷᠦᠩᠬᠡᠢᠢᠯᠡᠭᠴᠢ ᠪᠡᠷ ᠠᠵᠢᠯᠯᠠᠬᠤ ᠬᠤᠭᠤᠴᠠᠭᠠᠨ ᠳᠤ ᠮᠠᠨ ᠤ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠶᠠᠭᠤᠨ ᠤ ᠡᠮᠦᠨ᠎ᠡ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠴᠣ ᠰᠢᠨ᠎ᠡ ᠲᠦᠪᠰᠢᠨ ᠳᠥ ᠭᠠᠷᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃ ᠬᠣᠶᠠᠷ ᠲᠠᠯ᠎ᠠ ᠢᠢᠨ ᠥᠷᠭᠡᠨ ᠬᠦᠷᠢᠶ᠎ᠡ ᠲᠡᠢ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠤᠯᠢᠯᠴᠠᠬᠤ ᠪᠣᠯᠤᠮᠵᠢ ᠤᠳᠠᠬᠤ ᠦᠭᠡᠢ ᠲᠣᠬᠢᠶᠠᠨ᠎ᠠ ᠭᠡᠳᠡᠭ ᠲᠥ ᠨᠠᠢᠢᠳᠠᠵᠤ ᠪᠠᠢᠢᠨ᠎ᠠ᠃

 

ᠬᠣᠶᠠᠷ ᠣᠷᠣᠨ ᠤ ᠬᠠᠮᠲᠤ ᠢᠢᠨ ᠠᠵᠢᠯᠯᠠᠭᠠᠨ ᠳᠤ ᠰᠢᠨ᠎ᠡ ᠬᠠᠭᠤᠳᠠᠰᠤ ᠨᠡᠭᠡᠭᠡᠬᠦ 《ᠲᠡᠮᠦᠷ ᠵᠠᠮ ᠢᠶᠠᠷ ᠠᠴᠢᠶ᠎ᠠ ᠳᠠᠮᠵᠢᠭᠤᠯᠤᠨ ᠲᠡᠭᠡᠭᠡᠪᠦᠷᠢᠯᠡᠬᠦ ᠨᠥᠬᠥᠴᠡᠯ ᠦᠨ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠍ ᠢ ᠲᠠᠯ ᠤᠳ ᠤᠨ ᠬᠣᠯᠪᠣᠭᠳᠠᠬᠤ ᠪᠠᠢᠢᠭᠤᠯᠤᠯᠭ᠎ᠠ ᠨᠤᠭᠤᠳ ᠲᠣᠬᠢᠷᠠᠯᠴᠠᠵᠤ᠂ ᠣᠢᠢᠷ᠎ᠠ ᠢᠢᠨ ᠬᠤᠭᠤᠴᠠᠭᠠᠨ ᠳᠤ ᠪᠠᠢᠢᠭᠤᠯᠬᠤ ᠪᠠᠷ ᠪᠣᠯᠤᠭᠰᠠᠨ ᠳᠤ ᠪᠠᠶᠠᠷᠲᠠᠢ ᠪᠠᠢᠢᠨ᠎ᠠ᠃ ᠲᠤᠰ ᠬᠡᠯᠡᠯᠴᠡᠭᠡᠷ ᠢ ᠪᠡᠯᠡᠨ ᠪᠣᠯᠭᠠᠬᠤ ᠳᠤ ᠲᠠᠨ ᠤ ᠣᠷᠣᠭᠤᠯᠤᠭᠰᠠᠨ ᠬᠤᠪᠢ ᠨᠡᠮᠡᠷᠢ ᠢᠢ ᠪᠢᠳᠡ ᠥᠨᠳᠥᠷ ᠢᠶᠡᠷ ᠦᠨᠡᠯᠡᠵᠦ ᠪᠠᠢᠢᠨ᠎ᠠ᠃

 

ᠪᠢᠳᠡᠨ ᠦ ᠨᠠᠢᠢᠷᠠᠮᠳᠠᠯᠲᠤ ᠬᠠᠷᠢᠯᠴᠠᠭ᠎ᠠ ᠲᠡᠦᠬᠡ ᠢᠢᠨ ᠣᠯᠠᠨ ᠰᠢᠯᠭᠠᠭᠤᠷ ᠢ ᠳᠠᠪᠠᠭᠰᠠᠨ ᠪᠢᠯᠡ᠃ ᠬᠠᠯᠬ᠎ᠠ ᠭᠣᠣᠯ ᠤᠨ ᠳᠠᠢᠢᠨ᠂ ᠠᠤᠭ᠎ᠠ ᠡᠬᠡ ᠣᠷᠣᠨ ᠤ ᠳᠠᠢᠢᠨ ᠤ ᠬᠦᠨᠳᠦ ᠣᠨ ᠵᠢᠯ ᠦᠳ ᠪᠣᠯᠤᠨ ᠳᠡᠯᠡᠬᠡᠢ ᠢᠢᠨ ᠬᠣᠶᠠᠳᠤᠭᠠᠷ ᠳᠠᠢᠢᠨ ᠤ ᠲᠡᠭᠦᠰᠬᠡᠯ ᠳᠥ ᠬᠢᠭ᠍ᠰᠡᠨ ᠴᠡᠷᠢᠭ ᠦᠨ ᠬᠠᠮᠲᠤᠷᠠᠭᠰᠠᠨ ᠠᠵᠢᠯᠯᠠᠭ᠎ᠠ ᠵᠡᠷᠭᠡ ᠨᠢ ᠰᠠᠢᠢᠨ ᠬᠥᠷᠰᠢ ᠢᠢᠨ ᠬᠠᠷᠢᠯᠴᠠᠭᠠᠨ ᠤ ᠪᠠᠲᠤ ᠪᠡᠬᠢ ᠰᠠᠭᠤᠷᠢ ᠪᠣᠯᠤᠭᠰᠠᠨ᠃

 

ᠮᠣᠩᠭᠣᠯ᠂ ᠣᠷᠣᠰ ᠤᠨ ᠬᠠᠷᠢᠯᠴᠠᠭ᠎ᠠ ᠪᠣᠯᠤᠨ ᠰᠲ᠋ᠷᠠᠲ᠋ᠧᠭᠢ ᠢᠢᠨ ᠲᠦᠩᠰᠢᠯᠡᠯ ᠢ ᠨᠠᠢᠢᠷᠠᠮᠳᠠᠯᠲᠤ ᠠᠷᠠᠳ ᠲᠦᠮᠡᠨ ᠨᠦᠭᠦᠳ ᠦᠨ ᠰᠠᠢᠢᠨ ᠰᠠᠢᠢᠬᠠᠨ᠂ ᠪᠥᠰᠡ ᠨᠤᠲᠤᠭ ᠪᠣᠯᠤᠨ ᠳᠡᠯᠡᠬᠡᠢ ᠳᠠᠬᠢᠨ ᠤ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠥᠭᠡ ᠲᠠᠨ ᠲᠠᠢ ᠴᠢᠨᠠᠭᠰᠢᠳᠠ ᠴᠤ ᠤᠷᠲᠤ ᠬᠤᠭᠤᠴᠠᠭᠠᠨ ᠳᠤ ᠣᠢᠢᠷ᠎ᠠ ᠳᠣᠲᠣᠨᠣ ᠬᠠᠮᠲᠤᠷᠠᠨ ᠠᠵᠢᠯᠯᠠᠨ᠎ᠠ ᠭᠡᠵᠦ ᠨᠠᠢᠢᠳᠠᠵᠤ ᠪᠠᠢᠢᠨ᠎ᠠ᠃ ᠡᠨᠡᠬᠦ ᠵᠠᠪᠰᠢᠶᠠᠨ ᠢ ᠠᠰᠢᠭᠯᠠᠨ᠂ ᠡᠷᠬᠢᠮ ᠬᠦᠨᠳᠦᠳ ᠸᠯᠠᠳᠢᠮᠢᠷ ᠸᠯᠠᠳᠢᠮᠢᠷᠣᠸᠢᠴ ᠲᠠᠨ ᠳᠤ ᠡᠷᠡᠭᠦᠯ ᠡᠩᠬᠡ᠂ ᠠᠵᠢᠯ ᠤᠨ ᠥᠨᠳᠦᠷ ᠠᠮᠵᠢᠯᠲᠠ ᠬᠦᠰᠡᠶ᠎ᠡ》 ᠭᠡᠵᠡᠢ᠃