Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠᠠᠮᠧᠷᠢᠺᠠ ᠶᠢᠨ ᠨᠢᠭᠡᠳᠦᠭᠰᠡᠨ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠶᠣ᠊ ∙ ᠣᠳᠬᠠᠨᠪᠠᠶᠠᠷ ᠲᠤ ᠢᠲᠡᠭᠡᠮᠵᠢᠯᠡᠬᠦ ᠵᠢᠭᠤᠬᠤ ᠪᠢᠴᠢᠭ ᠭᠠᠷᠳᠠᠭᠤᠯᠤᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠᠥᠨᠥᠳᠥᠷ ᠮᠣᠩᠭ᠋ᠣᠯ ᠤᠯᠤᠰ ᠠᠴᠠ ᠠᠮᠧᠷᠢᠺᠠ ᠢᠢᠨ ᠨᠢᠭᠡᠳᠦᠭᠰᠡᠨ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠶᠣ᠊ ∙ ᠣᠳᠬᠠᠨᠪᠠᠶᠠᠷ ᠲᠤ ᠢᠲᠡᠭᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠤᠯ᠎ᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠢᠲᠡᠭᠡᠮᠵᠢᠯᠡᠬᠦ ᠵᠢᠭᠤᠬᠤ ᠪᠢᠴᠢᠭ᠌ ᠢ ᠭᠠᠷᠳᠠᠭᠤᠯᠤᠨ ᠥᠭ᠍ᠬᠦ ᠳᠥ ᠪᠡᠨ᠄

《ᠠᠮᠧᠷᠢᠺᠠ ᠢᠢᠨ ᠨᠢᠭᠡᠳᠦᠭᠰᠡᠨ ᠤᠯᠤᠰ ᠲᠠᠢ ᠬᠢᠭ᠍ᠳᠡᠵᠦ ᠪᠠᠢᠢᠭ᠎ᠠ ᠬᠤᠳᠠᠯᠳᠤᠭᠠᠨ ᠤ ᠡᠷᠭᠢᠯᠲᠡ ᠴᠢᠮᠠᠯᠠᠬᠤ ᠬᠡᠮᠵᠢᠶᠡᠨ ᠳᠥ ᠪᠠᠢᠢᠭ᠎ᠠ ᠭᠡᠳᠡᠭ ᠢ ᠲᠠ ᠮᠡᠳᠡᠵᠦ ᠪᠠᠢᠢᠭ᠎ᠠ ᠪᠠᠢᠢᠬᠤ᠃ ᠰᠠᠶᠢᠬᠠᠨ ᠠᠮᠧᠷᠢᠺᠠ ᠢᠢᠨ ᠨᠢᠭᠡᠳᠦᠭᠰᠡᠨ ᠤᠯᠤᠰ  ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢ ᠲᠡᠮᠳᠡᠭᠯᠡᠨ ᠥᠩᠭᠡᠷᠡᠭᠦᠯᠦᠭᠰᠡᠨ᠃ ᠮᠥᠨ ᠰᠢᠨ᠎ᠡ ᠵᠢᠯ ᠢᠶᠡᠷ ᠠᠮᠧᠷᠢᠺᠠ ᠢᠢᠨ ᠨᠢᠭᠡᠳᠦᠭᠰᠡᠨ ᠤᠯᠤᠰ  ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠲᠤ ᠶᠠᠪᠤᠭᠤᠯᠤᠭᠰᠠᠨ ᠵᠠᠬᠢᠳᠠᠯ ᠢ ᠲᠠ ᠤᠩᠰᠢᠭᠰᠠᠨ ᠪᠠᠢᠢᠬᠤ᠃ ᠡᠯᠴᠢᠨ ᠰᠠᠢᠢᠳ ᠬᠦᠮᠦᠨ ᠣᠴᠢᠭᠠᠳ ᠶᠡᠬᠡ ᠠᠵᠢᠯ ᠬᠢᠬᠦ ᠶᠣᠰᠣᠲᠠᠢ᠃ ᠤᠰᠤᠨ ᠳᠤ ᠰᠢᠳᠡᠭᠰᠡᠨ ᠴᠢᠯᠠᠭᠤ ᠰᠢᠭ ᠠᠯᠠᠭ᠎ᠠ ᠪᠣᠯᠵᠤ ᠪᠣᠯᠬᠤ ᠦᠭᠡᠢ᠃ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠨ ᠴᠢᠨᠠᠭᠰᠢᠳᠠ ᠦᠷᠭᠦᠯᠵᠢᠯᠡᠨ᠎ᠡ᠃

ᠰᠠᠶᠢᠬᠠᠨ ᠮᠥᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠠᠮᠧᠷᠢᠺᠠ ᠢᠢᠨ ᠨᠢᠭᠡᠳᠦᠭᠰᠡᠨ ᠤᠯᠤᠰ  ᠲᠤ ᠣᠴᠢᠬᠤ ᠳᠤ ᠪᠠᠨ ᠣᠶᠣᠮᠠᠯ ᠪᠦᠲᠦᠭᠡᠭ᠍ᠳᠡᠬᠦᠨ ᠢ ᠭᠠᠢᠢᠯᠢ ᠢᠢᠨ ᠲᠠᠲᠠᠪᠤᠷᠢ ᠠᠴᠠ ᠴᠢᠯᠦᠭᠡᠯᠡᠬᠦ᠂ ᠠᠪᠢᠯᠭ᠎ᠠ ᠲᠠᠢ ᠲᠡᠮᠡᠴᠡᠬᠦ ᠲᠠᠯ᠎ᠠ ᠳᠡᠭᠡᠷ᠎ᠡ ᠢᠳᠡᠪᠬᠢᠲᠡᠢ ᠠᠵᠢᠯᠯᠠᠵᠤ ᠥᠭ᠍ᠭᠦᠭᠡᠴᠢ ᠭᠡᠰᠡᠨ ᠬᠦᠰᠡᠯᠲᠡ ᠢᠢ ᠮᠠᠨᠢ ᠳᠠᠮᠵᠢᠭᠤᠯᠵᠤ᠂ ᠶᠡᠬᠡ ᠦᠷ᠎ᠡ ᠳ᠋ᠦᠩ ᠲᠡᠢ ᠠᠢᠢᠯᠴᠢᠯᠠᠯ ᠬᠢᠭᠡᠳ ᠢᠷᠡᠭᠰᠡᠨ᠃ ᠲᠠ ᠣᠴᠢᠭᠠᠳ ᠡᠨᠡ ᠠᠵᠢᠯ ᠢ ᠦᠷᠭᠦᠯᠵᠢᠯᠡᠭᠦᠯᠬᠦ ᠶᠣᠰᠣᠲᠠᠢ᠃ ᠦᠷ᠎ᠡ ᠳ᠋ᠦᠩ ᠢ ᠪᠢᠳᠡ ᠳ᠋ᠦᠩᠨᠡᠨ᠎ᠡ》 ᠭᠡᠳ ᠢᠲᠡᠭᠡᠮᠵᠢᠯᠡᠬᠦ ᠵᠢᠭᠤᠬᠤ ᠪᠢᠴᠢᠭ᠌ ᠢ ᠭᠠᠷᠳᠠᠭᠤᠯᠤᠯ᠎ᠠ᠃

ᠬᠠᠷᠢᠨ ᠠᠮᠧᠷᠢᠺᠠ ᠢᠢᠨ ᠨᠢᠭᠡᠳᠦᠭᠰᠡᠨ ᠤᠯᠤᠰ  ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠵᠤ᠂ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠭᠠᠷᠳᠠᠨ ᠠᠪᠤᠭᠰᠠᠨ ᠶᠣ᠂ᠣᠳᠬᠠᠨᠪᠠᠶᠠᠷ᠄

《ᠲᠠᠨ ᠳᠤ ᠪᠠᠶᠠᠷᠯᠠᠯ᠎ᠠ᠃ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠲᠤ ᠶᠠᠪᠤᠭᠤᠯᠤᠭᠰᠠᠨ ᠵᠠᠬᠢᠳᠠᠯ ᠪᠣᠯᠤᠨ ᠲᠠᠨ ᠳᠤ ᠢᠷᠡᠭᠰᠡᠨ ᠵᠠᠬᠢᠳᠠᠯ ᠤᠨ ᠬᠠᠷᠢᠭᠤ ᠢᠢ ᠪᠢ ᠰᠠᠢᠢᠲᠤᠷ ᠤᠩᠰᠢᠭᠰᠠᠨ᠃ ᠵᠠᠬᠢᠳᠠᠯ ᠳᠤ ᠳᠤᠷᠠᠳᠤᠭᠰᠠᠨ ᠠᠰᠠᠭᠤᠳᠠᠯ᠂ ᠬᠣᠶᠠᠷ ᠤᠯᠤᠰ ᠤᠨ ᠬᠥᠷᠦᠩᠭᠡ ᠣᠷᠣᠭᠤᠯᠤᠯᠲᠠ ᠢᠢ ᠨᠡᠮᠡᠭᠳᠡᠭᠦᠯᠬᠦ᠂ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠦ ᠭᠠᠢᠢᠯᠢ ᠢᠢᠨ ᠲᠠᠲᠠᠪᠤᠷᠢ ᠢᠢᠨ ᠠᠰᠠᠭᠤᠳᠠᠯ ᠳᠤ ᠣᠨᠴᠠᠭᠠᠢ ᠠᠩᠬᠠᠷᠤᠯ ᠬᠠᠨᠳᠤᠭᠤᠯᠵᠤ ᠠᠵᠢᠯᠯᠠᠨ᠎ᠠ ᠭᠡᠳᠡᠭ ᠢᠶᠡᠨ ᠲᠠᠠ ᠳᠤ ᠵᠣᠷᠢᠭᠤᠳᠠ ᠢᠯᠡᠷᠬᠡᠢᠢᠯᠡᠵᠦ ᠪᠠᠢᠢᠨ᠎ᠠ᠃ ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠤᠨ ᠠᠢᠢᠯᠴᠢᠯᠠᠯ ᠤᠨ ᠲᠠᠯ᠎ᠠ ᠪᠠᠷ ᠮᠡᠳᠡᠭᠡᠯᠡᠯ ᠲᠡᠢ ᠪᠠᠢᠢᠭ᠎ᠠ᠃ ᠡᠯᠴᠢᠨ ᠰᠠᠢᠢᠳ ᠤᠨ ᠶᠠᠮᠤᠨ ᠤ ᠵᠦᠭ ᠡᠴᠡ ᠬᠠᠮᠢᠶᠠᠷᠬᠤ ᠪᠦᠬᠦ ᠠᠵᠢᠯ ᠢ ᠬᠢᠴᠢᠶᠡᠩᠭᠦᠢᠢᠯᠡᠨ ᠬᠢᠨ᠎ᠡ》 ᠭᠡᠯ᠎ᠡ᠃