Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠶᠢᠷᠠᠮᠳᠠᠬᠤ ᠲᠦᠷᠺ ᠤᠯᠤᠰ ᠤᠨ ᠶᠡᠷᠦᠩᠬᠡᠢ ᠰᠠᠶᠢᠳ ᠪᠢᠨᠠᠯᠢ ᠢᠢᠯᠳᠢᠷᠢᠮ ᠪᠠᠷᠠᠭᠠᠯᠬᠠᠯ᠎ᠠ

ᠮᠣᠩᠭ᠋ᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠭ᠎ᠠ ᠪᠦᠭᠦᠳᠡ ᠨᠠᠢᠢᠷᠠᠮᠳᠠᠬᠤ ᠲᠦᠷᠺ ᠤᠯᠤᠰ ᠤᠨ ᠶᠡᠷᠦᠩᠬᠡᠢ ᠰᠠᠢᠢᠳ ᠪᠢᠨᠠᠯᠢ ᠢᠢᠯᠳᠢᠷᠢᠮ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠳᠤ ᠥᠨᠥᠳᠥᠷ ᠪᠠᠷᠠᠭᠠᠯᠬᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠪᠦᠭᠦᠳᠡ ᠨᠠᠢᠢᠷᠠᠮᠳᠠᠬᠤ ᠲᠦᠷᠺ ᠤᠯᠤᠰ ᠤᠨ ᠶᠡᠷᠦᠩᠬᠡᠢ ᠰᠠᠢᠢᠳ ᠤᠨ ᠮᠣᠩᠭ᠋ᠣᠯ ᠤᠯᠤᠰ ᠲᠤ ᠬᠢᠵᠦ ᠪᠠᠢᠢᠭ᠎ᠠ ᠠᠯᠪᠠᠨ ᠶᠣᠰᠣᠨ ᠤ ᠠᠢᠢᠯᠴᠢᠯᠠᠯ ᠳᠤ ᠨᠢ ᠠᠮᠵᠢᠯᠲᠠ ᠬᠦᠰᠡᠭᠡᠳ᠂ ᠡᠨᠡ ᠤᠳᠠᠭ᠎ᠠ ᠢᠢᠨ ᠲᠡᠭᠦᠨ ᠦ ᠠᠢᠢᠯᠴᠢᠯᠠᠯ ᠨᠢ ᠮᠣᠩᠭ᠋ᠣᠯ ᠤᠯᠤᠰ ᠪᠣᠯᠤᠨ ᠪᠦᠭᠦᠳᠡ ᠨᠠᠢᠢᠷᠠᠮᠳᠠᠬᠤ ᠲᠦᠷᠺ ᠤᠯᠤᠰ ᠤᠨ ᠬᠠᠮᠲᠤ ᠢᠢᠨ ᠠᠵᠢᠯᠯᠠᠭᠠᠨ ᠳᠤ ᠶᠡᠬᠡᠬᠡᠨ ᠠᠴᠢ ᠬᠣᠯᠪᠣᠭᠳᠠᠯ ᠲᠠᠢ ᠪᠣᠯᠬᠤ ᠢᠢ ᠣᠨᠴᠠᠯᠠᠨ ᠳᠤᠷᠠᠳᠪᠠ᠃

 

ᠲᠤᠰ ᠤᠯᠤᠰ ᠲᠠᠢ ᠠᠶᠠᠯᠠᠯ ᠵᠢᠭᠤᠯᠴᠢᠯᠠᠯ᠂ ᠳᠡᠳ᠋ ᠪᠦᠲᠦᠴᠡ᠂ ᠬᠥᠳᠡᠭᠡ ᠠᠵᠤ ᠠᠬᠤᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠪᠦᠷᠢᠨ ᠪᠣᠯᠤᠮᠵᠢ ᠲᠠᠢ ᠲᠠᠯ᠎ᠠ ᠪᠠᠷ ᠠᠭᠤᠯᠵᠠᠯᠲᠠ ᠢᠢᠨ ᠦᠶ᠎ᠡ ᠳᠥ ᠬᠣᠶᠠᠷ ᠲᠠᠯ᠎ᠠ ᠰᠠᠨᠠᠯ ᠨᠢᠭᠡᠳᠦᠨ ᠶᠠᠷᠢᠯᠴᠠᠵᠤ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠲᠤᠰᠬᠠᠢᠢᠯᠠᠨ ᠣᠷᠬᠣᠨ ᠤ ᠬᠥᠨᠳᠡᠢ ᠢᠢ ᠠᠶᠠᠯᠠᠯ ᠵᠢᠭᠤᠯᠴᠢᠯᠠᠯ ᠤᠨ ᠵᠣᠷᠢᠭᠤᠯᠤᠯᠲᠠ ᠪᠠᠷ ᠲᠣᠬᠢᠵᠢᠭᠤᠯᠬᠤ ᠳᠤ ᠬᠠᠮᠲᠤᠷᠠᠨ ᠠᠵᠢᠯᠯᠠᠬᠤ ᠬᠦᠰᠡᠯ ᠲᠡᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠪᠦᠭᠦᠳᠡ ᠨᠠᠢᠢᠷᠠᠮᠳᠠᠬᠤ ᠲᠦᠷᠺ ᠤᠯᠤᠰ ᠤᠨ ᠶᠡᠷᠦᠩᠬᠡᠢ ᠰᠠᠢᠢᠳ ᠪᠢᠨᠠᠯᠢ ᠢᠢᠯᠳᠢᠷᠢᠮ ᠤᠨ ᠬᠤᠪᠢ ᠳᠤ ᠠᠶᠠᠯᠠᠯ ᠵᠢᠭᠤᠯᠴᠢᠯᠠᠯ ᠤᠨ ᠰᠠᠯᠪᠤᠷᠢ ᠳᠤ ᠮᠠᠨ ᠤ ᠤᠯᠤᠰ ᠲᠠᠢ ᠬᠠᠮᠲᠤᠷᠠᠨ ᠠᠵᠢᠯᠯᠠᠭᠰᠠᠨ ᠢᠶᠠᠷ ᠬᠣᠶᠠᠷ ᠤᠯᠤᠰ ᠤᠨ ᠨᠡᠢᠢᠲᠡᠯᠢᠭ ᠰᠤᠶᠤᠯ ᠢ ᠳᠡᠯᠡᠬᠡᠢ ᠳᠠᠬᠢᠨ᠎ᠠ ᠲᠠᠨᠢᠭᠤᠯᠬᠤ᠂ ᠮᠥᠨ ᠲᠦᠷᠺ ᠤᠯᠤᠰ ᠤᠨ ᠠᠷᠠᠳ ᠢᠷᠭᠡᠳ ᠲᠥ ᠮᠣᠩᠭ᠋ᠣᠯ ᠤᠯᠤᠰ ᠲᠤ ᠪᠠᠢᠢᠭ᠎ᠠ ᠡᠷᠲᠡᠨ ᠦ ᠲᠡᠦᠬᠡ ᠳᠤᠷᠠᠰᠬᠠᠯ ᠤᠳ ᠢ ᠲᠠᠨᠢᠭᠤᠯᠬᠤ ᠳᠤ ᠴᠢᠬᠤᠯᠠ ᠠᠴᠢ ᠬᠣᠯᠪᠣᠭᠳᠠᠯ ᠲᠠᠢ ᠢᠢ ᠣᠨᠴᠠᠯᠠᠨ ᠳᠤᠷᠠᠳᠪᠠ᠃

 

ᠬᠣᠶᠠᠷ ᠤᠯᠤᠰ ᠤᠨ ᠬᠤᠳᠠᠯᠳᠤᠭᠠᠨ ᠤ ᠡᠷᠭᠢᠯᠲᠡ ᠵᠢᠯ ᠳᠥ 30 ᠣᠷᠴᠢᠮ ᠰᠠᠶ᠎ᠠ ᠳ᠋ᠣᠯᠯᠠᠷ ᠪᠠᠢᠢᠭ᠎ᠠ ᠢᠢ ᠪᠣᠳᠠᠲᠤ ᠪᠠᠢᠢᠳᠠᠯ ᠲᠠᠢ ᠬᠠᠷᠢᠴᠠᠭᠤᠯᠬᠤ ᠳᠤ ᠬᠠᠩᠭ᠋ᠠᠯᠲᠠ ᠲᠠᠢ ᠪᠢᠰᠢ ᠬᠡᠮᠡᠨ ᠲᠠᠯ᠎ᠠ ᠨᠤᠭᠤᠳ ᠦᠵᠡᠵᠦ᠂ ᠴᠢᠨᠠᠭᠰᠢᠳᠠ ᠣᠯᠠᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠪᠠᠨ ᠦᠷ᠎ᠡ ᠳ᠋ᠦᠩ ᠲᠡᠢ ᠬᠥᠭ᠍ᠵᠢᠭᠦᠯᠬᠦ ᠲᠠᠯ᠎ᠠ ᠪᠠᠷ ᠰᠠᠨᠠᠯ ᠨᠢᠭᠡᠳᠦᠯ᠎ᠡ᠃