Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠯᠣᠩᠭᠣᠰ ᠤᠯᠤᠰ ᠍ ᠤᠨ ᠶᠡᠷᠦᠩᠬᠡᠶᠢᠯᠡᠭᠴᠢ ᠮᠦᠨ ᠵᠧ ᠢᠨ ᠳᠦ ᠪᠠᠶᠠᠷ ᠬᠦᠷᠭᠡᠭᠰᠡᠨ ᠵᠠᠬᠢᠳᠠᠯ ᠢᠯᠡᠭᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠥᠨᠥᠳᠥᠷ ᠡᠮᠦᠨᠡᠲᠦ᠂ ᠤᠮᠠᠷᠠᠳᠤ ᠰᠣᠯᠣᠩᠭ᠋ᠣᠰ  ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ ᠠᠮᠵᠢᠯᠲᠠᠲᠠᠢ ᠪᠣᠯᠵᠤ ᠥᠩᠭᠡᠷᠡᠭᠰᠡᠨ ᠳᠥ ᠪᠠᠶᠠᠷ ᠬᠦᠷᠭᠡᠬᠦ ᠪᠡᠷ ᠪᠦᠭᠦᠳᠡ ᠨᠠᠢᠢᠷᠠᠮᠳᠠᠬᠤ ᠰᠣᠯᠣᠩᠭ᠋ᠣᠰ  ᠤᠯᠤᠰ ᠍ ᠤᠨ ᠶᠡᠷᠦᠩᠬᠡᠢᠢᠯᠡᠭᠴᠢ ᠮᠦᠨ ᠵᠧ ᠢᠨ ᠳᠥ ᠵᠠᠬᠢᠳᠠᠯ ᠢᠯᠡᠭᠡᠯ᠎ᠡ᠃

 

ᠵᠠᠬᠢᠳᠠᠯ ᠳᠤ᠄

 

ᠡᠮᠦᠨᠡᠲᠦ᠂ ᠤᠮᠠᠷᠠᠲᠤ ᠰᠣᠯᠣᠩᠭ᠋ᠣᠰ  ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ 2018 ᠣᠨ ᠤ ᠳᠥᠷᠪᠡᠳᠦᠭᠡᠷ ᠰᠠᠷ᠎ᠠ ᠢᠢᠨ 27 ᠍ ᠤ ᠡᠳᠦᠷ ᠫᠠᠩᠮᠦ᠋ᠩᠵᠦ᠋ᠮ ᠳᠤ ᠠᠮᠵᠢᠯᠲᠠᠲᠠᠢ ᠪᠣᠯᠤᠭᠰᠠᠨ ᠳᠤ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠴᠢᠩ ᠰᠡᠳᠬᠢᠯ ᠦᠨ ᠪᠠᠶᠠᠷ ᠬᠦᠷᠭᠡᠶ᠎ᠡ᠃ ᠡᠨᠡ ᠠᠭᠤᠯᠵᠠᠯᠲᠠ ᠨᠢ ᠡᠮᠦᠨᠡᠲᠦ᠂ ᠤᠮᠠᠷᠠᠲᠤ ᠰᠣᠯᠣᠩᠭ᠋ᠣᠰ  ᠲᠡᠭᠦᠨ ᠦ ᠳᠣᠲᠣᠷ᠎ᠠ ᠪᠦᠭᠦᠳᠡ ᠨᠠᠢᠢᠷᠠᠮᠳᠠᠬᠤ ᠰᠣᠯᠣᠩᠭ᠋ᠣᠰ  ᠤᠯᠤᠰ ᠍ ᠤᠨ ᠵᠣᠷᠢᠮᠠᠭ᠂ ᠰᠢᠢᠳᠮᠡᠭᠡᠢ ᠠᠯᠬᠤᠮ ᠤᠨ ᠦᠷ᠎ᠡ ᠳ᠋ᠦᠩ ᠶᠤᠮ᠃

 

ᠡᠨᠡᠬᠦ ᠲᠡᠦᠬᠡᠨ ᠠᠭᠤᠯᠵᠠᠯᠲᠠ ᠪᠠᠷ ᠰᠣᠯᠣᠩᠭ᠋ᠣᠰ  ᠬᠣᠭᠣᠷᠣᠨᠳᠣ ᠢᠢᠨ ᠬᠠᠷᠢᠯᠴᠠᠭ᠎ᠠ ᠢᠢ ᠰᠠᠢᠢᠵᠢᠷᠠᠭᠤᠯᠤᠨ ᠬᠥᠭ᠍ᠵᠢᠭᠦᠯᠬᠦ᠂ ᠰᠣᠯᠣᠩᠭ᠋ᠣᠰ  ᠤᠨ ᠬᠣᠢᠢᠭ ᠢ ᠴᠥᠮ᠎ᠡ ᠢᠢᠨ ᠵᠡᠪᠰᠡᠭ ᠡᠴᠡ ᠪᠥᠷᠢᠨ ᠠᠩᠭᠢᠵᠢᠷᠠᠭᠤᠯᠬᠤ᠂ ᠲᠤᠰ ᠬᠣᠢᠢᠭ ᠲᠤ ᠡᠩᠬᠡ ᠢᠢ ᠲᠣᠭᠲᠠᠭᠠᠬᠤ ᠴᠢᠭᠯᠡᠯ ᠳᠥ ᠬᠣᠶᠠᠷ ᠲᠠᠯ᠎ᠠ ᠡᠷᠴᠢᠮᠲᠡᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠭᠰᠠᠨ ᠨᠢ ᠰᠣᠯᠣᠩᠭ᠋ᠣᠰ  ᠤᠨ ᠬᠣᠢᠢᠭ ᠲᠡᠳᠦᠢ ᠦᠭᠡᠢ ᠵᠡᠭᠦᠨ ᠬᠣᠢᠢᠳᠤ ᠠᠽᠢᠶ᠎ᠠ ᠢᠢᠨ ᠪᠦᠰᠡ ᠨᠤᠲᠤᠭ᠂ ᠴᠢᠨᠠᠭᠰᠢᠯᠠᠭᠠᠳ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠴᠢᠬᠤᠯᠠ ᠠᠴᠢ ᠬᠣᠯᠪᠣᠭᠳᠠᠯ ᠲᠠᠢ ᠠᠯᠬᠤᠮ ᠪᠣᠯᠤᠯ᠎ᠠ᠃

 

ᠮᠣᠩᠭ᠋ᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩᠭ᠋ᠣᠰ  ᠤᠯᠤᠰ ᠍ ᠤᠨ 《ᠢᠵᠢ ᠪᠦᠷᠢᠨ ᠲᠦᠩᠰᠢᠯᠡᠯ》 ᠍ ᠦᠨ ᠬᠠᠷᠢᠯᠴᠠᠭ᠎ᠠ ᠪᠦᠬᠦᠢ ᠯᠠ ᠰᠠᠯᠪᠤᠷᠢ ᠢᠢ ᠬᠠᠮᠤᠷᠤᠨ ᠠᠮᠵᠢᠯᠲᠠ ᠲᠠᠢ ᠬᠥᠭ᠍ᠵᠢᠵᠦ ᠪᠠᠢᠢᠨ᠎ᠠ᠃ ᠡᠨᠡ ᠬᠠᠷᠢᠯᠴᠠᠭ᠎ᠠ ᠢᠢ ᠴᠢᠨᠠᠭᠰᠢᠳᠠ ᠱᠠᠲᠤ ᠠᠬᠢᠭᠤᠯᠤᠨ ᠬᠥᠭ᠍ᠵᠢᠭᠦᠯᠬᠦ ᠢᠢᠨ ᠲᠥᠯᠦᠭᠡ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠲᠠᠢ ᠨᠢᠭ᠌ᠲᠠ ᠬᠠᠮᠲᠤᠷᠠᠨ ᠠᠵᠢᠯᠯᠠᠬᠤ ᠢᠢᠨ ᠲᠥᠯᠦᠭᠡ ᠪᠠᠢᠢᠨ᠎ᠠ᠃ ᠮᠣᠩᠭ᠋ᠣᠯ ᠤᠯᠤᠰ ᠵᠡᠭᠦᠨ ᠬᠣᠢᠢᠳᠤ ᠠᠽᠢᠶ᠎ᠠ ᠳᠤ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩᠭ᠋ᠠᠬᠤ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠮᠥᠨ ᠰᠣᠯᠣᠩᠭ᠋ᠣᠰ  ᠤᠨ ᠬᠣᠢᠢᠭ ᠤᠨ ᠠᠰᠠᠭᠤᠳᠠᠯ ᠢ ᠡᠪ ᠵᠦᠢ ᠪᠡᠷ᠂ ᠶᠠᠷᠢᠶ᠎ᠠ ᠬᠡᠯᠡᠯᠴᠡᠭᠡᠨ ᠦ ᠠᠷᠭ᠎ᠠ ᠪᠠᠷ ᠰᠢᠢᠳᠪᠦᠷᠢᠯᠡᠬᠦ ᠢᠢᠨ ᠲᠥᠯᠦᠭᠡ ᠡᠮᠦᠨᠡᠲᠦ᠂ ᠤᠮᠠᠷᠠᠲᠤ ᠰᠣᠯᠣᠩᠭ᠋ᠣᠰ  ᠲᠠᠢ ᠴᠢᠨᠠᠭᠰᠢᠳᠠ ᠴᠤ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠣᠯᠤᠨ᠎ᠠ᠃

 

ᠵᠡᠭᠦᠨ ᠬᠣᠢᠢᠳᠤ ᠠᠽᠢᠶ᠎ᠠ ᠳᠤ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢ ᠴᠣᠭᠴᠠᠯᠠᠭᠠᠬᠤ ᠳᠤ ᠴᠢᠭᠯᠡᠭᠰᠡᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠤ ᠰᠠᠨᠠᠭᠠᠴᠢᠯᠠᠭ᠎ᠠ ᠪᠡᠶᠡᠯᠡᠯ ᠢᠶᠡᠨ ᠣᠯᠵᠤ᠂ ᠰᠣᠯᠣᠩᠭ᠋ᠣᠰ  ᠤᠨ ᠬᠣᠢᠢᠭ ᠲᠤ ᠡᠩᠬᠡ ᠲᠠᠢᠢᠪᠤᠩ ᠤᠨ ᠰᠢᠨ᠎ᠡ ᠡᠷᠢᠨ ᠦᠶ᠎ᠡ ᠢᠢ ᠲᠣᠭᠲᠠᠭᠠᠬᠤ ᠡᠷᠬᠢᠮ ᠪᠥᠭᠡᠳ ᠬᠠᠷᠢᠭᠤᠴᠠᠯᠭ᠎ᠠ ᠲᠠᠢ ᠦᠢᠯᠡᠰ ᠲᠥ ᠲᠠᠨᠢ ᠠᠮᠵᠢᠯᠲᠠ ᠢᠷᠦᠭᠡᠶ᠎ᠡ᠃

 

ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠰᠠᠢᠢᠨ ᠰᠠᠢᠢᠬᠠᠨ ᠢ ᠬᠦᠰᠡᠶ᠎ᠡ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ》 ᠭᠡᠵᠡᠢ᠃