Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠪᠢᠽᠢᠨᠧᠰ ᠡᠷᠬᠢᠯᠡᠭᠴᠢ ᠡᠮᠡᠭᠲᠡᠶᠢᠴᠦᠳ ᠦᠨ ᠲᠥᠯᠥᠭᠡᠯᠡᠯ ᠲᠡᠢ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠲᠥᠰᠥᠯ ᠳᠥ ᠬᠠᠮᠤᠷᠤᠭᠳᠠᠵᠤ ᠪᠠᠢᠢᠭ᠎ᠠ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠵᠠᠬ᠎ᠠ ᠵᠡᠭᠡᠯᠢ ᠳᠥ ᠪᠣᠷᠣᠯᠠᠭᠤᠯᠵᠤ ᠪᠠᠢᠢᠭ᠎ᠠ ᠪᠣᠯᠤᠨ ᠪᠣᠷᠣᠯᠠᠭᠤᠯᠬᠤ ᠪᠠᠷ ᠪᠡᠯᠡᠳᠬᠡᠵᠦ ᠪᠠᠢᠢᠭ᠎ᠠ ᠪᠠᠷᠠᠭ᠎ᠠ᠂ ᠪᠦᠲᠦᠭᠡᠭ᠍ᠳᠡᠬᠦᠨ ᠨᠦᠭᠦᠳ ᠢ ᠦᠵᠡᠵᠦ ᠰᠣᠨᠢᠷᠬᠠᠯ᠎ᠠ᠃

 

ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠨᠢ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠤᠨ ᠬᠠᠮᠲᠤ ᠢᠢᠨ ᠠᠵᠢᠯᠯᠠᠭᠠᠨ ᠤ 《ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠠᠭᠧᠨ᠋ᠲ᠋ᠯᠢᠭ》 ᠪᠠᠢᠢᠭᠤᠯᠤᠯᠭ᠎ᠠ ᠢᠢᠨ ᠰᠠᠩᠬᠦᠵᠢᠯᠲᠡ ᠪᠡᠷ ᠨᠡᠢᠢᠰᠯᠡᠯ ᠦᠨ ᠵᠠᠰᠠᠭ ᠳᠠᠷᠤᠭ᠎ᠠ ᠢᠢᠨ ᠲᠠᠮᠠᠭ᠎ᠠ ᠢᠢᠨ ᠭᠠᠵᠠᠷ ᠪᠣᠯᠤᠨ ᠠᠽᠢᠶ᠎ᠠ ᠢᠢᠨ ᠰᠠᠩ ᠤᠨ ᠳᠡᠮᠵᠢᠯᠭᠡ ᠲᠡᠢ ᠪᠡᠷ 2016 ᠣᠨ ᠠᠴᠠ ᠡᠬᠢᠯᠡᠨ ᠠᠵᠢᠯᠯᠠᠵᠤ ᠪᠠᠢᠢᠭ᠎ᠠ ᠶᠤᠮ᠃ ᠡᠨᠡ ᠲᠥᠪ ᠨᠢ ᠡᠮᠡᠭᠲᠡᠢ ᠪᠢᠽᠢᠨ᠋᠋ᠧᠰ ᠡᠷᠬᠢᠯᠡᠭᠴᠢᠳ ᠦᠨ ᠡᠳ᠋ ᠍ ᠦᠨ ᠵᠠᠰᠠᠭ ᠲᠤ ᠣᠷᠣᠭᠤᠯᠵᠤ ᠪᠤᠢ ᠬᠤᠪᠢ ᠨᠡᠮᠡᠷᠢ ᠢᠢ ᠳᠡᠭᠡᠭ᠍ᠰᠢᠯᠡᠭᠦᠯᠬᠦ᠂ ᠪᠢᠽᠢᠨ᠋᠋ᠧᠰ ᠡᠷᠬᠢᠯᠡᠵᠦ ᠪᠠᠢᠢᠭ᠎ᠠ ᠣᠷᠴᠢᠨ ᠢ ᠲᠠᠭᠠᠲᠠᠢ ᠪᠣᠯᠭᠠᠬᠤ᠂ ᠠᠯᠪᠠᠨ ᠪᠤᠰᠤ ᠪᠢᠽᠢᠨ᠋᠋ᠧᠰ ᠢ ᠠᠯᠪᠠᠨ ᠪᠣᠯᠭᠠᠬᠤ᠂ ᠮᠥᠨ ᠡᠮᠡᠭᠲᠡᠢᠢᠴᠦᠳ ᠢ ᠪᠢᠽᠢᠨ᠋᠋ᠧᠰ ᠢᠶᠡᠨ ᠡᠬᠢᠯᠡᠭᠦᠯᠬᠦ ᠳᠥ ᠨᠢ ᠳᠡᠮᠵᠢᠯᠭᠡ ᠦᠵᠡᠭᠦᠯᠵᠦ ᠠᠵᠢᠯᠯᠠᠳᠠᠭ ᠪᠠᠢᠢᠨ᠎ᠠ᠃

 

ᠲᠥᠰᠥᠯ ᠬᠡᠷᠡᠭᠵᠢᠵᠦ ᠡᠬᠢᠯᠡᠭᠰᠡᠨ ᠡᠴᠡ ᠬᠣᠢᠢᠰᠢ ᠡᠨᠡ ᠲᠥᠪ ᠳᠤ 5200 ᠭᠠᠷᠤᠢ ᠡᠮᠡᠭᠲᠡᠢ ᠪᠢᠽᠢᠨ᠋᠋ᠧᠰ ᠦᠨ ᠰᠤᠷᠭᠠᠯᠲᠠ ᠳᠤ ᠬᠠᠮᠤᠷᠤᠭᠳᠠᠵᠤ᠂ 2100 ᠭᠠᠷᠤᠢ ᠪᠠᠢᠢᠩᠭ᠋ᠤ ᠢᠢᠨ ᠬᠠᠷᠢᠯᠴᠠᠭᠴᠢ ᠲᠠᠢ ᠪᠣᠯᠵᠠᠢ᠃ ᠮᠥᠨ ᠪᠠᠭ᠎ᠠ ᠣᠷᠣᠯᠭ᠎ᠠ ᠲᠠᠢ᠂ ᠬᠥᠭ᠍ᠵᠢᠯ ᠦᠨ ᠪᠡᠷᠬᠡᠰᠢᠶᠡᠯ ᠲᠡᠢ᠂ ᠡᠷᠦᠬᠡ ᠲᠣᠯᠣᠭᠠᠢᠢᠯᠠᠭᠰᠠᠨ ᠡᠮᠡᠭᠲᠡᠢᠢᠴᠦᠳ ᠢ ᠲᠥᠰᠥᠯ ᠳᠥ ᠲᠦᠯᠬᠢᠭᠦᠦ ᠬᠠᠮᠤᠷᠤᠭᠤᠯᠵᠤ᠂ ᠲᠡᠳᠡᠨ ᠦ ᠬᠢᠭ᠍ᠰᠡᠨ ᠪᠠᠷᠠᠭ᠎ᠠ ᠪᠦᠲᠦᠭᠡᠭ᠍ᠳᠡᠬᠦᠨ ᠢ ᠬᠥᠭ᠍ᠵᠢᠭᠦᠯᠵᠦ᠂ ᠪᠣᠷᠣᠯᠠᠭᠤᠯᠬᠤ ᠳᠤ ᠨᠢ ᠲᠤᠰᠠᠯᠠᠯᠴᠠᠭ᠎ᠠ ᠦᠵᠡᠭᠦᠯᠳᠡᠭ ᠪᠠᠢᠢᠨ᠎ᠠ᠃

 

ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠦᠨ ᠢᠨ᠋ᠺᠦᠢᠪᠠᠲ᠋ᠤᠷ ᠲᠥᠪ ᠲᠤ 28 ᠡᠮᠡᠭᠲᠡᠢ ᠪᠠᠷᠠᠭ᠎ᠠ ᠪᠦᠲᠦᠭᠡᠭ᠍ᠳᠡᠬᠦᠨ ᠢᠶᠡᠨ ᠪᠣᠷᠣᠯᠠᠭᠤᠯᠵᠤ ᠪᠠᠢᠢᠭᠰᠠᠨ ᠪᠥᠭᠡᠳ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠲᠡᠳᠡᠨ ᠦ ᠪᠠᠷᠠᠭ᠎ᠠ᠂ ᠪᠦᠲᠦᠭᠡᠭ᠍ᠳᠡᠬᠦᠨ ᠢ ᠰᠣᠨᠢᠷᠬᠠᠵᠤ᠂ ᠵᠢᠵᠢᠭ ᠳᠤᠮᠳᠠ ᠦᠢᠯᠡᠳᠪᠦᠷᠢᠯᠡᠯ ᠡᠷᠬᠢᠯᠡᠬᠦ ᠳᠥ ᠲᠤᠯᠭᠠᠷᠠᠵᠤ ᠪᠠᠢᠢᠭ᠎ᠠ ᠬᠦᠨᠳᠦᠷᠡᠯ᠂ ᠪᠡᠷᠬᠡᠰᠢᠶᠡᠯ ᠦᠨ ᠲᠠᠯ᠎ᠠ ᠪᠠᠷ ᠶᠠᠷᠢᠯᠴᠠᠭᠰᠠᠨ ᠶᠤᠮ᠃

 

ᠢᠨ᠋ᠺᠦᠢᠪᠠᠲ᠋ᠤᠷ ᠲᠥᠪ ᠲᠥ ᠪᠢᠽᠢᠨ᠋᠋ᠧᠰ ᠢᠶᠡᠨ ᠪᠣᠢᠢᠵᠢᠭᠤᠯᠵᠤ ᠪᠠᠢᠢᠭ᠎ᠠ ᠲᠡᠳᠡᠭᠡᠷ ᠡᠮᠡᠭᠲᠡᠢᠢᠴᠦᠳ 135 ᠰᠠᠶ᠎ᠠ ᠣᠷᠴᠢᠮ ᠲᠥᠭᠥᠷᠢᠭ᠌ ᠦᠨ ᠰᠠᠩᠬᠦᠵᠢᠯᠲᠡ ᠪᠡᠷ ᠪᠠᠷᠠᠭ᠎ᠠ ᠪᠦᠲᠦᠭᠡᠭ᠍ᠳᠡᠬᠦᠨ ᠢᠶᠡᠨ ᠰᠠᠢᠢᠵᠢᠷᠠᠭᠤᠯᠬᠤ ᠳᠤ ᠵᠣᠷᠢᠭᠤᠯᠤᠭᠰᠠᠨ ᠲᠧᠭᠨᠢᠭ ᠬᠡᠷᠡᠭᠰᠡᠯ ᠢ ᠪᠤᠴᠠᠯᠲᠠ ᠦᠭᠡᠢ ᠲᠤᠰᠠᠯᠠᠮᠵᠢ ᠪᠠᠷ ᠠᠪᠴᠤ᠂ ᠭᠣᠸ᠎ᠠ ᠰᠠᠢᠢᠬᠠᠨ ᠤ ᠪᠦᠲᠦᠭᠡᠭ᠍ᠳᠡᠬᠦᠨ᠂ ᠭᠠᠷ ᠤᠨ ᠰᠠᠪᠤᠩ᠂ ᠮᠥᠭᠥ᠂ ᠬᠠᠷ᠎ᠠ ᠰᠠᠷᠮᠢᠰᠤᠨ ᠤ ᠬᠠᠨᠳᠠ ᠵᠡᠷᠭᠡ ᠡᠴᠦᠰ ᠦᠨ ᠪᠦᠲᠦᠭᠡᠭ᠍ᠳᠡᠬᠦᠨ ᠦᠢᠯᠡᠳᠪᠦᠷᠢᠯᠡᠵᠦ᠂ ᠪᠠᠢᠢᠭᠠᠯᠢ ᠢᠢᠨ ᠴᠢᠯᠠᠭᠤᠨ ᠪᠡᠯᠡᠭ ᠳᠤᠷᠠᠰᠬᠠᠯ ᠤᠨ ᠵᠦᠢᠯ᠂ ᠭᠠᠷ ᠤᠷᠠᠯᠠᠯ᠂ ᠣᠶᠣᠳᠠᠯ ᠵᠡᠷᠭᠡ ᠣᠯᠠᠨ ᠰᠠᠯᠪᠤᠷᠢ ᠳᠤ ᠪᠢᠽᠢᠨ᠋᠋ᠧᠰ ᠡᠷᠬᠢᠯᠡᠵᠦ ᠪᠠᠢᠢᠭ᠎ᠠ ᠶᠤᠮ ᠪᠠᠢᠢᠨ᠎ᠠ᠃

 

ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠡᠨᠡ ᠲᠥᠪ ᠦᠨ ᠦᠢᠯᠡ ᠠᠵᠢᠯᠯᠠᠭᠠᠨ ᠳᠤ ᠬᠠᠮᠤᠷᠤᠭᠳᠠᠭᠰᠠᠨ ᠢᠶᠠᠷ ᠴᠢᠳᠠᠳᠠᠭ ᠵᠦᠢᠯ ᠢᠶᠡᠨ ᠬᠡᠷᠬᠢᠨ ᠪᠢᠽᠢᠨ᠋᠋ᠧᠰ ᠪᠣᠯᠭᠠᠬᠤ᠂ ᠪᠦᠲᠦᠭᠡᠭ᠍ᠳᠡᠬᠦᠨ ᠢᠶᠡᠨ ᠵᠠᠬ᠎ᠠ ᠵᠡᠭᠡᠯᠢ ᠳᠥ ᠬᠡᠷᠬᠢᠨ ᠨᠡᠪᠲᠡᠷᠡᠭᠦᠯᠬᠦ ᠵᠡᠷᠭᠡ ᠮᠡᠷᠭᠡᠵᠢᠯ ᠦᠨ ᠵᠥᠪᠯᠡᠭᠡ ᠠᠪᠴᠤ ᠵᠠᠷᠢᠮ ᠡᠮᠡᠭᠲᠡᠢ ᠪᠢᠽᠢᠨ᠋᠋ᠧᠰ ᠡᠷᠬᠢᠯᠡᠭᠴᠢᠳ ᠦᠨ ᠠᠰᠢᠭ᠂ ᠣᠷᠣᠯᠭ᠎ᠠ ᠨᠢ ᠨᠡᠮᠡᠭᠳᠡᠵᠦ᠂ ᠲᠡᠷᠡ ᠬᠢᠷᠢ ᠪᠡᠷ ᠬᠥᠭ᠍ᠵᠢᠯ ᠦᠨ ᠪᠡᠷᠬᠡᠰᠢᠶᠡᠯ ᠲᠡᠢ᠂ ᠲᠡᠳᠬᠦᠪᠦᠷᠢ ᠳᠥ ᠪᠠᠢᠢᠳᠠᠭ ᠵᠡᠷᠭᠡ ᠠᠵᠢᠯ ᠣᠯᠬᠤ ᠳᠤ ᠬᠦᠨᠳᠦᠷᠡᠯᠲᠡᠢ ᠪᠠᠢᠢᠳᠠᠭ ᠢᠷᠭᠡᠳ ᠢ ᠠᠵᠢᠯ ᠤᠨ ᠪᠠᠢᠢᠷᠢ ᠪᠠᠷ ᠬᠠᠩᠭᠠᠬᠤ ᠪᠣᠯᠵᠠᠢ᠃

 

ᠵᠢᠱᠢᠶ᠎ᠡ ᠨᠢ᠂ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠲᠥᠰᠥᠯ ᠦᠨ ᠢᠨ᠋ᠺᠦᠢᠪᠠᠲ᠋ᠤᠷ ᠤᠨ 2 ᠍ ᠳᠤᠭᠠᠷ ᠣᠷᠣᠯᠴᠠᠭᠴᠢ ᠨ‍᠂ᠵᠢᠷᠭᠠᠯᠰᠦ᠋ᠷᠦᠩ ᠮᠣᠩᠭ᠋ᠣᠯ ᠣᠷᠣᠨ ᠳᠤ ᠬᠠᠮᠤᠭ ᠤᠨ ᠣᠯᠳᠠᠴᠠ ᠶᠡᠬᠡ ᠲᠡᠢ ᠬᠣᠨᠢᠨ ᠤ ᠨᠣᠣᠰᠣ ᠠᠰᠢᠭᠯᠠᠨ ᠰᠢᠨ᠎ᠡ ᠨᠡᠷ᠎ᠡ ᠲᠥᠷᠥᠯ ᠦᠨ ᠪᠦᠲᠦᠭᠡᠭ᠍ᠳᠡᠬᠦᠨ ᠦᠢᠯᠡᠳᠪᠦᠷᠢᠯᠡᠵᠦ ᠡᠬᠢᠯᠡᠵᠡᠢ᠃ ᠲᠡᠷᠡᠪᠡᠷ ᠲᠥᠰᠥᠯ ᠳᠥ ᠠᠩᠬ᠎ᠠ ᠬᠠᠮᠤᠷᠤᠭᠳᠠᠬᠤ ᠳᠤ ᠪᠠᠨ ᠵᠥᠪᠬᠡᠨ ᠴᠠᠭᠠᠰᠤᠨ ᠳᠡᠭᠡᠷᠡᠬᠢ ᠲᠥᠰᠥᠯ ᠲᠡᠢ ᠢᠷᠡᠭᠰᠡᠨ ᠪᠣᠯ ᠡᠳᠦᠭᠡ ᠥᠪᠡᠷ ᠦᠨ ᠭᠡᠰᠡᠨ ᠤᠷᠠᠯᠠᠩ ᠲᠠᠢ ᠪᠣᠯᠵᠤ ᠪᠦᠲᠦᠭᠡᠭ᠍ᠳᠡᠬᠦᠨ ᠦᠢᠯᠡᠳᠪᠦᠷᠢᠯᠡᠵᠦ᠂ ᠬᠣᠶᠠᠷ ᠬᠦᠮᠦᠨ ᠢ ᠠᠵᠢᠯ ᠤᠨ ᠪᠠᠢᠢᠷᠢ ᠪᠠᠷ ᠬᠠᠩᠭ᠋ᠠᠵᠤ ᠪᠠᠢᠢᠭ᠎ᠠ ᠶᠤᠮ ᠪᠠᠢᠢᠨ᠎ᠠ᠃ ᠮᠥᠨ ᠲᠥᠰᠥᠯ ᠳᠥ ᠬᠠᠮᠤᠷᠤᠭᠳᠠᠭᠰᠠᠨ ᠢᠶᠠᠷ ᠲᠣᠨᠣᠭ ᠲᠥᠬᠥᠭᠡᠷᠦᠮᠵᠢ ᠢᠢᠨ ᠲᠤᠰᠠᠯᠠᠮᠵᠢ ᠭᠡᠬᠦ ᠡᠴᠡ ᠢᠯᠡᠭᠦᠦ ᠲᠡᠢ ᠱᠠᠲᠤ ᠳᠠᠷᠠᠭᠠᠯᠠᠭᠰᠠᠨ ᠵᠢᠭᠠᠪᠤᠷᠢᠴᠢᠯᠠᠭ᠎ᠠ ᠠᠪᠴᠤ᠂ ᠪᠢᠽᠢᠨ᠋᠋ᠧᠰ ᠢᠶᠡᠨ ᠠᠮᠵᠢᠯᠲᠠ ᠲᠠᠢ ᠬᠥᠭ᠍ᠵᠢᠭᠦᠯᠵᠦ ᠪᠠᠢᠢᠭ᠎ᠠ ᠲᠠᠯ᠎ᠠ ᠪᠠᠷ ᠢᠶᠠᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠡᠯᠡᠭᠰᠡᠨ ᠶᠤᠮ᠃

 

ᠮᠥᠨ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠲᠥᠰᠥᠯ ᠨᠢ ᠭᠤᠷᠪᠠᠨ ᠵᠢᠯ ᠦᠨ ᠬᠤᠭᠤᠴᠠᠭᠠᠨ ᠳᠤ 1.2 ᠰᠠᠶ᠎ᠠ ᠠᠮ‍᠂ᠳ᠋ᠣᠯᠯᠠᠷ ᠤᠨ ᠰᠠᠩᠬᠦᠵᠢᠯᠲᠡ ᠲᠡᠢ ᠡᠬᠢᠯᠡᠭᠰᠡᠨ ᠪᠥᠭᠡᠳ ᠲᠥᠰᠥᠯ ᠠᠮᠵᠢᠯᠲᠠᠲᠠᠢ ᠬᠡᠷᠡᠭᠵᠢᠵᠦ᠂ ᠣᠯᠠᠨ ᠡᠮᠡᠭᠲᠡᠢ ᠪᠢᠽᠢᠨ᠋᠋ᠧᠰ ᠦᠨ ᠭᠠᠷᠤᠭ᠎ᠠ ᠪᠠᠨ ᠡᠬᠢᠯᠡᠵᠦ᠂ ᠥᠷᠭᠡᠵᠢᠭᠦᠯᠵᠦ ᠪᠠᠢᠢᠭ᠎ᠠ ᠲᠤᠯᠠ ᠴᠢᠨᠠᠭᠰᠢᠳᠠ ᠲᠥᠰᠥᠯ ᠦᠨ ᠬᠤᠭᠤᠴᠠᠭ᠎ᠠ ᠪᠣᠯᠤᠭᠠᠳ ᠰᠠᠩᠬᠦᠵᠢᠯᠲᠡ ᠢᠢ ᠦᠷᠭᠦᠯᠵᠢᠯᠡᠭᠦᠯᠬᠦ ᠬᠡᠷᠡᠭᠲᠡᠢ ᠭᠡᠵᠦ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠬᠡᠯᠡᠵᠦ ᠪᠠᠢᠢᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠭᠰᠠᠨ ᠤ ᠳᠠᠷᠠᠭ᠎ᠠ ᠲᠡᠳᠡᠨ ᠳᠥ ᠠᠮᠵᠢᠯᠲᠠ ᠬᠦᠰᠡᠵᠥ᠂ ᠪᠢᠽᠢᠨ᠋᠋ᠧᠰ ᠦᠨ ᠦᠢᠯᠡ ᠠᠵᠢᠯᠯᠠᠭ᠎ᠠ ᠨᠢ ᠤᠯᠠᠮ ᠥᠷᠭᠡᠵᠢᠨ ᠳᠡᠪᠵᠢᠬᠦ ᠢᠢ ᠬᠦᠰᠡᠨ ᠢᠷᠦᠭᠡᠪᠡ᠃