Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠶᠢᠷᠠᠮᠳᠠᠬᠤ ᠲᠤᠢᠸᠠ ᠤᠯᠤᠰ ᠤᠨ ᠲᠡᠷᠢᠭᠦᠨ ᠱᠣᠯᠪᠠᠨ ᠸᠠᠯᠧᠷᠧᠸᠢᠴ ᠺᠠᠷᠠ-ᠣᠣᠯ ᠢ ᠬᠦᠯᠢᠶᠡᠨ ᠠᠪᠴᠤ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠸᠠ ᠤᠯᠤᠰ ᠤᠨ ᠲᠡᠷᠢᠭᠦᠨ ᠱᠣᠯᠪᠠᠨ ᠸᠠᠯᠧᠷᠸᠢᠴ ᠺᠠᠷᠠ-ᠣᠣᠯ ᠢ ᠬᠦᠯᠢᠶᠡᠨ ᠠᠪᠴᠤ ᠠᠭᠤᠯᠵᠠᠵᠤ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

ᠮᠣᠩᠭ᠋ᠣᠯ ᠤᠯᠤᠰ ᠲᠤ ᠠᠢᠢᠯᠴᠢᠯᠠᠵᠤ ᠪᠠᠢᠢᠭ᠎ᠠ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠢᠸᠠ ᠤᠯᠤᠰ ᠤᠨ ᠲᠡᠷᠢᠭᠦᠨ ᠱᠣᠯᠪᠠᠨ ᠸᠠᠯᠧᠷᠧᠸᠢᠴ ᠺᠠᠷᠠ-ᠣᠣᠯ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠳᠤ ᠴᠠᠭ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠨᠢ ᠲᠠᠯᠠᠷᠬᠠᠯ ᠢᠯᠡᠷᠬᠡᠢᠢᠯᠡᠪᠡ᠃ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠵᠦ᠂ ᠵᠠᠮ ᠲᠡᠭᠡᠭᠡᠪᠦᠷᠢ ᠢᠢᠨ ᠪᠣᠯᠤᠨ ᠦᠢᠯᠡᠳᠪᠦᠷᠢᠯᠡᠯ᠂ ᠬᠤᠳᠠᠯᠳᠤᠭ᠎ᠠ ᠡᠳ᠋ ᠍ ᠦᠨ ᠵᠠᠰᠠᠭ ᠤᠨ ᠴᠢᠭᠯᠡᠯ ᠳᠥ ᠤᠯᠠᠮ ᠪᠦᠷ ᠡᠷᠴᠢᠮᠵᠢᠭᠦᠯᠬᠦ ᠬᠦᠰᠡᠯ ᠲᠡᠢ ᠪᠠᠢᠢᠭ᠎ᠠ ᠪᠠᠨ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠢᠸᠠ ᠤᠯᠤᠰ ᠤᠨ ᠲᠡᠷᠢᠭᠦᠨ ᠱᠣᠯᠪᠠᠨ ᠸᠠᠯᠧᠷᠧᠸᠢᠴ ᠺᠠᠷᠠ-ᠣᠣᠯ ᠢᠯᠡᠷᠬᠡᠢᠢᠯᠡᠭᠰᠡᠨ ᠶᠤᠮ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠩᠭᠡᠷᠡᠭᠰᠡᠨ ᠣᠨ ᠤ 9 ᠳᠦᠭᠡᠷ ᠰᠠᠷ᠎ᠠ ᠳᠤ ᠸᠯᠠᠳᠢᠸᠤᠰᠲ᠋ᠣᠺ ᠤᠨ ᠠᠭᠤᠯᠵᠠᠯᠲᠠ ᠢᠢᠨ ᠦᠶ᠎ᠡ ᠪᠡᠷ ᠶᠠᠷᠢᠭᠳᠠᠭᠰᠠᠨ ᠲᠡᠮᠦᠷ ᠵᠠᠮ ᠤᠨ ᠬᠣᠢᠢᠳᠤ ᠺᠣᠷᠢᠳᠣᠷ ᠤᠨ ᠬᠡᠰᠡᠭ ᠪᠣᠯᠬᠤ ᠺᠢᠽᠢᠯ – ᠴᠠᠭᠠᠨᠲᠣᠯᠣᠭᠠᠢ ᠴᠢᠭᠯᠡᠯ ᠦᠨ ᠲᠡᠮᠦᠷ ᠵᠠᠮ ᠤᠨ ᠠᠵᠢᠯ ᠤᠨ ᠶᠠᠪᠤᠴᠠ ᠶᠠᠮᠠᠷ ᠪᠠᠢᠢᠭ᠎ᠠ ᠲᠠᠯ᠎ᠠ ᠪᠠᠷ ᠰᠣᠨᠢᠷᠬᠠᠵᠤ᠂ ᠮᠥᠨ ᠲᠤᠰ ᠤᠯᠤᠰ ᠠᠴᠠ ᠠᠭᠠᠷ ᠤᠨ ᠲᠡᠭᠡᠭᠡᠪᠦᠷᠢ ᠢᠢᠨ ᠰᠢᠭᠤᠳ ᠨᠢᠰᠦᠯᠭᠡ ᠲᠡᠢ ᠪᠣᠯᠬᠤ ᠭᠡᠬᠦ ᠮᠡᠲᠦ ᠠᠰᠠᠭᠤᠳᠠᠯ ᠢᠶᠠᠷ ᠰᠠᠨᠠᠯ ᠰᠣᠯᠢᠯᠴᠠᠯ᠎ᠠ᠃

ᠪᠥᠰᠡ ᠨᠤᠲᠤᠭ ᠤᠨ ᠬᠠᠷᠢᠯᠴᠠᠭ᠎ᠠ ᠢᠢ ᠬᠥᠭ᠍ᠵᠢᠭᠦᠯᠵᠦ᠂ ᠴᠢᠨᠠᠭᠰᠢᠳᠠ ᠦᠷ᠎ᠡ ᠳ᠋ᠦᠩ ᠲᠡᠢ ᠬᠠᠮᠲᠤᠷᠠᠨ ᠠᠵᠢᠯᠯᠠᠬᠤ ᠲᠠᠯ᠎ᠠ ᠪᠠᠷ ᠲᠠᠯ᠎ᠠ ᠨᠤᠭᠤᠳ ᠬᠠᠷᠢᠯᠴᠠᠨ ᠶᠠᠷᠢᠯᠴᠠᠵᠤ᠂ ᠪᠢᠽᠢᠨ᠋᠋ᠧᠰ ᠦᠨ ᠰᠠᠯᠪᠤᠷᠢ ᠢᠢᠨ ᠬᠢᠨ ᠪᠣᠯᠤᠨ ᠠᠷᠠᠳ ᠲᠦᠮᠡᠨ ᠦ ᠬᠣᠭᠣᠷᠣᠨᠳᠣ ᠢᠢᠨ ᠬᠠᠷᠢᠯᠴᠠᠭ᠎ᠠ ᠢᠢ ᠢᠳᠡᠪᠬᠢᠵᠢᠭᠦᠯᠬᠦ ᠨᠢ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠳᠤ ᠶᠡᠬᠡᠬᠡᠨ ᠠᠴᠢ ᠬᠣᠯᠪᠣᠭᠳᠠᠯ ᠲᠠᠢ ᠬᠡᠮᠡᠨ ᠰᠠᠨᠠᠯ ᠨᠢᠭᠡᠳᠪᠡ᠃