ᠶᠡᠷᠦᠩᠬᠡᠶᠢᠯᠡᠭᠴᠢ ᠳᠦ ᠵᠠᠬᠢᠳᠠᠯ ᠪᠢᠴᠢᠭᠡᠷᠡᠢ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ 《ᠰᠠᠢᠢᠨ ᠬᠥᠷᠰᠢ ᠨᠦᠭᠦᠳ》 ᠣᠯᠠᠨ ᠤᠯᠤᠰ ᠤᠨ ᠲᠥᠷᠥ ᠢᠢᠨ ᠪᠤᠰᠤ ᠪᠠᠢᠢᠭᠤᠯᠤᠯᠭ᠎ᠠ ᠢᠢᠨ ᠮᠣᠩᠭ᠋ᠣᠯ ᠳ᠋ᠠᠬᠢ ᠲᠥᠯᠥᠭᠡᠯᠡᠭᠴᠢ ᠢᠢᠨ ᠭᠠᠵᠠᠷ᠂ ᠰᠤᠷᠭᠠᠭᠤᠯᠢ ᠢᠢᠨ ᠨᠡᠢᠢᠭᠡᠮ ᠤᠨ ᠠᠵᠢᠯᠲᠠᠨ ᠨᠤᠭᠤᠳ ᠤᠨ ᠨᠡᠢᠢᠭᠡᠮᠯᠢᠭ᠌ ᠬᠠᠮᠲᠤᠷᠠᠨ ᠣᠯᠠᠨ ᠤᠯᠤᠰ ᠤᠨ ᠬᠡᠦᠬᠡᠳ ᠦᠨ ᠡᠷᠬᠡ ᠢᠢ ᠬᠠᠮᠠᠭᠠᠯᠠᠬᠤ ᠡᠳᠦᠷ ᠢ ᠤᠭᠲᠤᠨ 《ᠶᠡᠷᠦᠩᠬᠡᠢᠢᠯᠡᠭᠴᠢ ᠳᠥ ᠬᠦᠷᠭᠡᠬᠦ ᠮᠢᠨᠦ ᠦᠭᠡ》 ᠠᠶᠠᠨ ᠢ ᠡᠬᠢᠯᠡᠭᠦᠯᠦᠯ᠎ᠡ᠃

 

ᠠᠶᠠᠨ 2018 ᠣᠨ ᠤ ᠲᠠᠪᠤᠳᠤᠭᠠᠷ ᠰᠠᠷ᠎ᠠ ᠢᠢᠨ 15-25 ᠍ ᠤ ᠡᠳᠦᠷ ᠢ ᠬᠦᠷᠲᠡᠯ᠎ᠡ ᠦᠷᠭᠦᠯᠵᠢᠯᠡᠬᠦ ᠪᠥᠭᠡᠳ 6-18 ᠬᠦᠷᠲᠡᠯᠡᠬᠢ ᠨᠠᠰᠤᠨ ᠤ ᠬᠡᠦᠬᠡᠳ ᠦᠳ ᠵᠠᠬᠢᠳᠠᠯ ᠪᠢᠴᠢᠬᠦ᠂ ᠭᠠᠷ ᠵᠢᠷᠤᠭ ᠵᠤᠷᠠᠬᠤ ᠬᠡᠯᠪᠡᠷᠢ ᠪᠡᠷ ᠣᠷᠣᠯᠴᠠᠬᠤ ᠪᠣᠯᠤᠮᠵᠢ ᠲᠠᠢ᠃

 

《ᠶᠡᠷᠦᠩᠬᠡᠢᠢᠯᠡᠭᠴᠢ ᠳᠥ ᠬᠦᠷᠭᠡᠬᠦ ᠮᠢᠨᠤ ᠦᠭᠡ》 ᠠᠶᠠᠨ ᠤ ᠬᠦᠷᠢᠶᠡᠨ ᠳᠦ ᠵᠠᠬᠢᠳᠠᠯ ᠪᠣᠯᠤᠨ ᠭᠠᠷ ᠵᠢᠷᠤᠭ ᠵᠤᠷᠠᠬᠤ ᠬᠡᠦᠬᠡᠳ ᠦᠳ ᠤᠯᠤᠰ ᠣᠷᠣᠨ ᠤ ᠪᠣᠯᠤᠨ ᠣᠷᠣᠨ ᠨᠤᠲᠤᠭ ᠤᠨ ᠬᠥᠭ᠍ᠵᠢᠯ ᠳᠡᠪᠰᠢᠯ ᠳᠥ ᠬᠤᠪᠢ ᠨᠡᠮᠡᠷᠢ ᠪᠣᠯᠬᠤᠢᠢᠴᠠ ᠰᠢᠨ᠎ᠡ ᠰᠠᠨᠠᠭ᠎ᠠ᠂ ᠰᠠᠨᠠᠭᠠᠴᠢᠯᠠᠭ᠎ᠠ ᠢᠢ ᠢᠯᠡᠷᠬᠡᠢᠢᠯᠡᠭᠰᠡᠨ᠂ ᠬᠡᠦᠬᠡᠳ ᠦᠨ ᠥᠪᠡᠷ ᠦᠨ ᠬᠦᠰᠡᠯ ᠮᠥᠷᠥᠭᠡᠳᠦᠯ᠂ ᠲᠤᠯᠭᠠᠮᠳᠠᠵᠤ ᠪᠤᠢ ᠠᠰᠠᠭᠤᠳᠠᠯ ᠢ ᠲᠤᠰᠬᠠᠭᠰᠠᠨ ᠵᠡᠷᠭᠡ ᠶᠠᠮᠠᠷ ᠴᠤ ᠠᠭᠤᠯᠭ᠎ᠠ ᠪᠠᠷ ᠪᠢᠴᠢᠵᠦ᠂ ᠵᠢᠷᠤᠵᠤ ᠪᠣᠯᠤᠨ᠎ᠠ᠃ ᠵᠢᠱᠢᠶ᠎ᠡ ᠨᠢ᠂ ᠬᠦᠷᠢᠶᠡᠯᠡᠨ ᠪᠤᠢ ᠣᠷᠴᠢᠨ᠂ ᠡᠷᠡᠭᠦᠯ ᠮᠡᠨᠳᠦ᠂ ᠪᠣᠯᠪᠠᠰᠤᠷᠠᠯ᠂ ᠴᠢᠯᠦᠭᠡᠲᠦ ᠴᠠᠭ ᠢᠶᠠᠨ ᠥᠩᠭᠡᠷᠡᠭᠡᠬᠦ ᠣᠷᠴᠢᠨ᠂ ᠬᠡᠦᠬᠡᠳ ᠦᠨ ᠡᠷᠬᠡ᠂ ᠬᠠᠮᠠᠭᠠᠯᠠᠯ᠂ ᠤᠮᠳᠠᠨ ᠤ ᠤᠰᠤ᠂ ᠣᠷᠴᠢᠨ ᠤ ᠡᠷᠡᠭᠦᠯ ᠠᠬᠤᠢ᠂ ᠠᠭᠠᠷ ᠤᠨ ᠪᠣᠬᠢᠷᠳᠠᠯ᠂ ᠣᠷᠣᠨ ᠨᠤᠲᠤᠭ ᠤᠨ ᠬᠥᠭ᠍ᠵᠢᠯ᠂ ᠭᠡᠷ ᠪᠦᠯᠢ ᠢᠢᠨ ᠠᠮᠢᠳᠤᠷᠠᠯ᠂ ᠬᠤᠪᠢ ᠢᠢᠨ ᠦᠵᠡᠯ ᠪᠣᠳᠣᠯ ᠭᠡᠬᠦ ᠮᠡᠲᠦ ᠣᠯᠠᠨ ᠰᠡᠳᠦᠪ ᠢᠶᠡᠷ ᠠᠶᠠᠨ ᠳᠤ ᠣᠷᠣᠯᠴᠠᠬᠤ ᠪᠣᠯᠤᠮᠵᠢ ᠲᠠᠢ᠃

 

ᠣᠯᠠᠨ ᠤᠯᠤᠰ ᠤᠨ ᠬᠡᠦᠬᠡᠳ ᠦᠨ ᠡᠷᠬᠡ ᠢᠢ ᠬᠠᠮᠠᠭᠠᠯᠠᠬᠤ ᠡᠳᠦᠷ ᠢ ᠲᠣᠬᠢᠶᠠᠯᠳᠤᠭᠤᠯᠤᠨ ᠵᠠᠬᠢᠳᠠᠯ ᠪᠢᠴᠢᠬᠦ᠂ ᠭᠠᠷ ᠵᠢᠷᠤᠭ ᠵᠢᠷᠤᠬᠤ ᠡᠨᠡᠬᠦ ᠠᠶᠠᠨ ᠳᠤ ᠢᠳᠡᠪᠬᠢᠲᠡᠢ ᠣᠷᠣᠯᠴᠠᠨ᠂ ᠦᠵᠡᠯ ᠪᠣᠳᠣᠯ ᠢᠶᠠᠨ ᠵᠥᠪ ᠵᠣᠬᠢᠰᠲᠠᠢ ᠢᠯᠡᠷᠬᠡᠢᠢᠯᠡᠵᠦ᠂ ᠦᠶ᠎ᠡ ᠲᠡᠩ ᠦᠨ ᠬᠢᠨ ᠦ ᠪᠡᠨ ᠳᠠᠭᠤᠤ ᠬᠣᠭᠣᠯᠠᠢ ᠪᠣᠯᠵᠤ ᠴᠢᠳᠠᠬᠤᠢᠢᠴᠠ ᠱᠠᠭᠠᠷᠳᠠᠯᠭ᠎ᠠ ᠬᠠᠩᠭ᠋ᠠᠭᠰᠠᠨ ᠵᠠᠬᠢᠳᠠᠯ ᠪᠣᠯᠤᠨ ᠵᠢᠷᠤᠭ ᠢᠯᠡᠭᠡᠭ᠍ᠰᠡᠨ 100 ᠬᠡᠦᠬᠡᠳ 2018 ᠣᠨ ᠤ ᠵᠢᠷᠭᠤᠳᠤᠭᠠᠷ ᠰᠠᠷ᠎ᠠ ᠢᠢᠨ 1 ᠍ ᠦ ᠡᠳᠦᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠪᠡᠶᠡᠴᠢᠯᠡᠨ ᠠᠭᠤᠯᠵᠠᠬᠤ ᠠᠭᠤᠯᠵᠠᠯᠲᠠ ᠳᠤ ᠤᠷᠤᠯᠴᠠᠬᠤ ᠶᠤᠮ᠃ ᠮᠥᠨ ᠬᠡᠦᠬᠡᠳ ᠦᠳ ᠦᠨ ᠪᠢᠴᠢᠭᠰᠡᠨ ᠵᠠᠬᠢᠳᠠᠯ᠂ ᠵᠢᠷᠤᠭᠰᠠᠨ ᠵᠢᠷᠤᠭ ᠢᠶᠠᠷ ᠦᠵᠡᠰᠬᠦᠯᠡᠩ ᠭᠠᠷᠭᠠᠵᠤ᠂ ᠣᠯᠠᠨ ᠨᠡᠢᠢᠲᠡ ᠢᠢᠨ ᠬᠦᠷᠲᠡᠭᠡᠯ ᠪᠣᠯᠭᠠᠨ᠎ᠠ᠃

 

《ᠶᠡᠷᠦᠩᠬᠡᠢᠢᠯᠡᠭᠴᠢ ᠳᠥ ᠬᠦᠷᠭᠡᠬᠦ ᠮᠢᠨᠦ ᠦᠭᠡ》 ᠠᠶᠠᠨ ᠳᠤ ᠣᠷᠣᠯᠴᠠᠬᠤ ᠢᠢ ᠬᠦᠰᠡᠪᠡᠯ᠄

 

ᠵᠠᠬᠢᠳᠠᠯ ᠪᠣᠯᠤᠨ ᠭᠠᠷ ᠵᠢᠷᠤᠭᠲᠤ ᠲᠠᠯᠪᠢᠭᠳᠠᠬᠤ ᠱᠠᠭᠠᠷᠳᠠᠯᠭ᠎ᠠ᠂ ᠵᠠᠬᠢᠳᠠᠯ ᠪᠣᠯᠤᠨ ᠵᠢᠷᠤᠭ ᠢ ᠬᠡᠷᠬᠢᠨ ᠢᠯᠡᠭᠡᠬᠦ ᠵᠡᠷᠭᠡ ᠳᠡᠯᠭᠡᠷᠡᠩᠭᠦᠢ ᠮᠡᠳᠡᠭᠡᠯᠡᠯ ᠢ ᠡᠨᠳᠡ ᠳᠠᠷᠤᠵᠤ ᠲᠠᠲᠠᠵᠤ ᠠᠪᠬᠤ ᠪᠣᠯᠤᠮᠵᠢ ᠲᠠᠢ᠃

 

ᠠᠮᠵᠢᠯᠲᠠ ᠬᠦᠰᠡᠶ᠎ᠡ᠃