Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠵᠣᠨ ᠵᠧ ᠨᠠᠮ ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠨ ᠵᠧ ᠨᠠᠮ ᠥᠨᠥᠳᠥᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃

ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠨ ᠵᠧ ᠨᠠᠮ  ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠤ ᠬᠢ ᠨᠢ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠪᠣᠯᠤᠨ ᠪᠥᠰᠡ ᠨᠤᠲᠤᠭ ᠤᠨ ᠬᠥᠭ᠍ᠵᠢᠯ᠂ ᠠᠶᠤᠯ ᠦᠭᠡᠢ ᠪᠠᠢᠢᠳᠠᠯ ᠤᠨ ᠲᠠᠯ᠎ᠠ ᠪᠠᠷ ᠶᠠᠷᠢᠯᠴᠠᠯ᠎ᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠬᠣᠶᠠᠷ ᠣᠷᠣᠨ ᠤ ᠠᠷᠠᠳ ᠢᠷᠭᠡᠳ ᠦᠨ ᠬᠠᠮᠲᠤ ᠢᠢᠨ ᠠᠵᠢᠯᠯᠠᠭ᠎ᠠ ᠪᠠᠨ ᠢᠳᠡᠪᠬᠢᠲᠡᠢ ᠪᠠᠢᠢᠭ᠎ᠠ ᠢᠢ ᠳᠤᠷᠠᠳᠤᠭᠠᠳ᠂ ᠴᠢᠨᠠᠭᠰᠢᠳᠠ ᠪᠠᠨ ᠡᠳ᠋ ᠍ ᠦᠨ ᠵᠠᠰᠠᠭ ᠤᠨ ᠪᠣᠯᠤᠨ ᠬᠤᠳᠠᠯᠳᠤᠭᠠᠨ ᠤ ᠬᠠᠷᠢᠯᠴᠠᠭ᠎ᠠ ᠢᠢ ᠥᠷᠭᠡᠵᠢᠭᠦᠯᠬᠦ ᠳᠥ ᠠᠩᠬᠠᠷᠬᠤ ᠬᠡᠷᠡᠭᠲᠡᠢ ᠬᠡᠮᠡᠨ ᠣᠨᠴᠠᠯᠠᠭᠰᠠᠨ ᠶᠤᠮ᠃ ᠮᠥᠨ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠤᠨ ᠰᠠᠨᠠᠭᠠᠴᠢᠯᠠᠭ᠎ᠠ ᠪᠠᠷ ᠵᠠᠯᠠᠭᠤᠴᠤᠳ ᠤᠨ ᠪᠢᠽᠢᠨ᠋᠋ᠧᠰ ᠦᠨ ᠵᠥᠪᠯᠡᠯ ᠪᠠᠢᠢᠭᠤᠯᠬᠤ ᠬᠦᠰᠡᠯ ᠲᠡᠢ ᠪᠠᠢᠢᠭ᠎ᠠ ᠪᠠᠨ ᠢᠯᠡᠷᠬᠡᠢᠢᠯᠡᠯ᠎ᠡ᠃ ᠤᠭ ᠵᠥᠪᠯᠡᠯ ᠢ ᠪᠠᠢᠢᠭᠤᠯᠤᠭᠰᠠᠨ ᠢᠶᠠᠷ ᠬᠣᠶᠠᠷ ᠤᠯᠤᠰ ᠤᠨ ᠵᠠᠯᠠᠭᠤᠴᠤᠳ ᠪᠢᠽᠢᠨ᠋᠋ᠧᠰ ᠦᠨ ᠪᠣᠯᠤᠨ ᠲᠧᠭᠨᠣᠯᠣᠭᠢ ᠢᠢᠨ ᠲᠤᠷᠰᠢᠯᠭ᠎ᠠ ᠰᠤᠯᠢᠯᠴᠠᠬᠤ᠂ ᠬᠠᠮᠲᠤᠷᠠᠨ ᠠᠵᠢᠯᠯᠠᠬᠤ ᠪᠣᠯᠤᠮᠵᠢ ᠨᠡᠮᠡᠭᠳᠡᠨ᠎ᠡ ᠭᠡᠵᠦ ᠦᠵᠡᠵᠦ ᠪᠠᠢᠢᠭ᠎ᠠ ᠶᠤᠮ᠃

ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠨ ᠵᠧ ᠨᠠᠮ ᠮᠣᠩᠭ᠋ᠣᠯ ᠤᠯᠤᠰ ᠲᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠳᠥ ᠪᠡᠨ᠂ ᠬᠠᠯᠠᠭᠤᠨ ᠳᠣᠲᠣᠨᠣ ᠪᠠᠷ ᠬᠦᠯᠢᠶᠡᠨ ᠠᠪᠤᠭᠰᠠᠨ ᠳᠤ ᠲᠠᠯᠠᠷᠬᠠᠵᠤ ᠪᠠᠢᠢᠭ᠎ᠠ ᠪᠠᠨ ᠢᠯᠡᠷᠬᠡᠢᠢᠯᠡᠭᠡᠳ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠶᠡᠬᠡᠬᠡᠨ ᠬᠦᠴᠦᠨ ᠴᠢᠷᠮᠠᠢᠢᠯᠲᠠ ᠭᠠᠷᠭᠠᠵᠤ᠂ ᠢᠳᠡᠪᠬᠢᠲᠡᠢ ᠠᠵᠢᠯᠯᠠᠨ᠎ᠠ ᠭᠡᠪᠡ᠃ ᠮᠥᠨ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠪᠣᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ  ᠤᠨ ᠤᠳᠤᠷᠢᠳᠤᠭᠴᠢᠳ ᠤᠨ ᠠᠭᠤᠯᠵᠠᠯᠲᠠ ᠠᠮᠵᠢᠯᠲᠠᠲᠠᠢ ᠪᠣᠯᠤᠭᠰᠠᠨ ᠳᠤ ᠪᠠᠶᠠᠷ ᠬᠦᠷᠭᠡᠭ᠍ᠰᠡᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠬᠢᠳᠠᠯ ᠢ ᠬᠦᠯᠢᠶᠡᠨ ᠠᠪᠤᠭᠠᠳ ᠲᠤᠰ ᠤᠯᠤᠰ ᠤᠨ ᠶᠡᠷᠦᠩᠬᠡᠢᠢᠯᠡᠭᠴᠢ᠂ ᠵᠠᠰᠠᠭ ᠤᠨ ᠭᠠᠵᠠᠷ ᠨᠢ ᠶᠡᠬᠡᠬᠡᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠭᠰᠡᠨ ᠢ ᠤᠯᠠᠮᠵᠢᠯᠠᠯ᠎ᠠ᠃ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠨ ᠵᠧ ᠨᠠᠮ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠯ ᠪᠣᠯᠭᠠᠭᠰᠠᠨ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠤᠨ ᠰᠠᠨᠠᠭᠠᠴᠢᠯᠠᠭ᠎ᠠ ᠪᠠᠷ ᠵᠠᠯᠠᠭᠤᠴᠤᠳ ᠤᠨ ᠪᠢᠽᠢᠨ᠋᠋ᠧᠰ ᠦᠨ ᠵᠥᠪᠯᠡᠯ ᠪᠠᠢᠢᠭᠤᠯᠬᠤ ᠰᠠᠨᠠᠯ ᠢ ᠠᠮᠵᠢᠯᠲᠠᠲᠠᠢ ᠬᠡᠷᠡᠭᠵᠢᠭᠦᠯᠬᠦ ᠢᠢᠨ ᠲᠥᠯᠥᠭᠡ ᠠᠵᠢᠯᠯᠠᠬᠤ ᠪᠠᠨ ᠢᠯᠡᠷᠬᠡᠢᠢᠯᠡᠪᠡ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠨ ᠵᠧ ᠨᠠᠮ  ᠳᠤ ᠠᠵᠢᠯ ᠤᠨ ᠠᠮᠵᠢᠯᠲᠠ ᠬᠦᠰᠡᠭᠡᠳ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠣᠳᠠᠲᠠᠢ᠂ ᠦᠷ᠎ᠡ ᠳ᠋ᠦᠩᠲᠡᠢ ᠪᠡᠷ ᠬᠥᠭ᠍ᠵᠢᠭᠦᠯᠬᠦ ᠢᠢᠨ ᠲᠤᠯᠠᠳᠠ ᠬᠠᠮᠲᠤᠷᠠᠨ ᠠᠵᠢᠯᠯᠠᠬᠤ ᠪᠣᠯᠤᠨ᠎ᠠ ᠬᠡᠮᠡᠪᠡ᠃