Та "Internet explorer"-ийн сүүлийн хувилбар болох "Microsoft edge"-г ашиглана уу

Хэрэв "Microsoft edge"-г татах бол энд дарж татаж авна уу

《ᠣᠷᠣᠰ-ᠮᠣᠩᠭᠣᠯ ᠤᠨ ᠰᠠᠨᠠᠭᠠᠴᠢᠯᠠᠭ᠎ᠠ-2018》 ᠴᠤᠪᠤᠷᠠᠯ ᠠᠷᠭ᠎ᠠ ᠬᠡᠮᠵᠢᠶᠡᠨ ᠳᠥ ᠣᠷᠣᠯᠴᠠᠭᠴᠢᠳ ᠲᠤ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠢᠯᠡᠭᠡᠯᠲᠡ ᠢᠷᠡᠭᠦᠯᠪᠡ

ᠮᠣᠩᠭ᠋ᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠨᠠᠷ ᠤᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠵᠤ ᠪᠤᠢ 《ᠮᠣᠩᠭ᠋ᠣᠯ-ᠣᠷᠣᠰ ᠤᠨ ᠰᠠᠨᠠᠭᠠᠴᠢᠯᠠᠭ᠎ᠠ-2018》 ᠬᠠᠮᠲᠤ ᠢᠢᠨ ᠠᠵᠢᠯᠯᠠᠭᠠᠨ ᠤ ᠴᠤᠪᠤᠷᠠᠯ ᠠᠷᠭ᠎ᠠ ᠬᠡᠮᠵᠢᠶ᠎ᠡ ᠥᠨᠥᠳᠥᠷ ᠠᠯᠪᠠᠨ ᠶᠣᠰᠣᠭᠠᠷ ᠡᠬᠢᠯᠡᠵᠦ᠂ ᠮᠣᠩᠭ᠋ᠣᠯ-ᠣᠷᠣᠰ ᠤᠨ ᠡᠳ᠋ ᠍ ᠦᠨ ᠵᠠᠰᠠᠭ ᠤᠨ ᠴᠢᠭᠤᠯᠭᠠᠨ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠡᠭᠡᠭᠡᠵᠦ ᠦᠭᠡ ᠬᠡᠯᠡᠭᠰᠡᠨ ᠶᠤᠮ᠃

ᠮᠥᠨ ᠴᠢᠭᠤᠯᠭᠠᠨ ᠤ ᠨᠡᠭᠡᠭᠡᠯᠲᠡ ᠪᠣᠯᠵᠤ ᠪᠠᠢᠢᠭ᠎ᠠ ᠲᠠᠢ ᠬᠣᠯᠪᠣᠭᠳᠠᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠢᠯᠡᠭᠡᠯᠲᠡ ᠶᠠᠪᠤᠭᠤᠯᠤᠭᠰᠠᠨ ᠪᠥᠭᠡᠳ ᠢᠯᠡᠭᠡᠯᠲᠡ ᠢᠢ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠤ ᠪᠡᠶ᠎ᠡ ᠲᠥᠯᠥᠭᠡᠯᠡᠭᠴᠢ ᠢᠭᠣᠷᠢ ᠧᠸᠭᠧᠨᠢᠶᠧᠸᠢᠴ ᠯᠧᠸᠢᠲ᠋ᠢᠨ ᠤᠩᠰᠢᠵᠤ ᠲᠠᠨᠢᠯᠴᠠᠭᠤᠯᠪᠠ᠃

ᠢᠯᠡᠭᠡᠯᠲᠡ ᠳᠥ᠄

《ᠡᠷᠬᠢᠮ ᠬᠦᠨᠳᠦᠳᠦ ᠠᠨᠳᠠ ᠨᠥᠬᠥᠳ ᠡ!

《ᠣᠷᠣᠰ-ᠮᠣᠩᠭ᠋ᠣᠯ ᠤᠨ ᠰᠠᠨᠠᠭᠠᠴᠢᠯᠠᠭ᠎ᠠ-2018》 ᠴᠤᠪᠤᠷᠠᠯ ᠠᠷᠭ᠎ᠠ ᠬᠡᠮᠵᠢᠶ᠎ᠡ ᠡᠬᠢᠯᠡᠵᠦ ᠪᠠᠢᠢᠭ᠎ᠠ ᠢᠢ ᠲᠣᠬᠢᠶᠠᠯᠳᠤᠭᠤᠯᠤᠨ ᠲᠠ ᠪᠦᠬᠦᠨ ᠳᠥ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠨ᠎ᠠ᠃

ᠮᠠᠨ ᠤ ᠤᠯᠤᠰ ᠮᠣᠩᠭ᠋ᠣᠯ ᠤᠯᠤᠰ ᠲᠠᠢ ᠲᠣᠭᠲᠠᠭᠠᠭᠰᠠᠨ ᠡᠷᠲᠡᠨ ᠦ ᠤᠯᠠᠮᠵᠢᠯᠠᠯᠲᠤ ᠰᠠᠢᠢᠨ ᠬᠥᠷᠰᠢ ᠢᠢᠨ᠂ ᠬᠠᠷᠢᠯᠴᠠᠨ ᠬᠦᠨᠳᠦᠳᠬᠡᠯᠲᠡᠢ᠂ ᠨᠠᠢᠢᠷᠰᠠᠭ ᠬᠠᠷᠢᠯᠴᠠᠭ᠎ᠠ ᠪᠠᠨ ᠥᠨᠳᠥᠷ ᠢᠶᠡᠷ ᠦᠨᠡᠯᠡᠳᠡᠭ᠃ ᠬᠣᠶᠠᠷ ᠲᠠᠯ᠎ᠠ ᠢᠢᠨ ᠢᠵᠢ ᠪᠥᠷᠢᠨ ᠴᠣᠭᠴᠠ ᠬᠠᠷᠢᠯᠴᠠᠭ᠎ᠠ ᠢᠢ ᠰᠲ᠋ᠷᠠᠲ᠋ᠧᠭᠢ ᠢᠢᠨ ᠲᠦᠩᠰᠢᠯᠡᠯ ᠦᠨ ᠦᠵᠡᠯ ᠰᠠᠨᠠᠭᠠᠨ ᠤ ᠳᠠᠭᠠᠭᠤ ᠬᠥᠭ᠍ᠵᠢᠭᠦᠯᠬᠦ ᠨᠢ ᠧᠦ᠋ᠷ᠊ᠠᠽᠢ ᠢᠢᠨ ᠴᠢᠭᠯᠡᠯ ᠳᠥ ᠪᠠᠷᠢᠮᠲᠠᠯᠠᠵᠤ ᠪᠤᠢ ᠮᠠᠨ ᠤ ᠤᠯᠤᠰ ᠤᠨ ᠭᠠᠳᠠᠭᠠᠳᠤ ᠪᠣᠳᠣᠯᠭ᠎ᠠ ᠢᠢᠨ ᠡᠩ ᠲᠡᠷᠢᠭᠦᠨ ᠦ ᠵᠣᠷᠢᠯᠲᠠ ᠨᠤᠭᠤᠳ ᠤᠨ ᠨᠢᠭᠡ ᠶᠠᠭᠤᠮ᠎ᠠ᠃

ᠡᠨᠡ ᠤᠳᠬ᠎ᠠ ᠪᠠᠷ ᠢᠶᠠᠨ ᠠᠵᠢᠯ ᠬᠡᠷᠡᠭᠴᠢ ᠤᠯᠤᠰ ᠲᠥᠷᠦ ᠢᠢᠨ ᠶᠠᠷᠢᠶ᠎ᠠ ᠬᠡᠯᠡᠯᠴᠡᠭᠡ ᠢᠢ ᠪᠦᠬᠦᠢ ᠯᠠ ᠲᠦᠪᠰᠢᠨ ᠳᠥ ᠥᠷᠭᠡᠵᠢᠭᠦᠯᠬᠦ᠂ ᠲᠡᠭᠡᠭᠡᠪᠦᠷᠢ᠂ ᠳᠡᠳ᠋ ᠪᠦᠲᠦᠴᠡ᠂ ᠡᠷᠴᠢᠮ ᠬᠦᠴᠦ ᠪᠣᠯᠤᠨ ᠬᠥᠳᠡᠭᠡ ᠠᠵᠤ ᠠᠬᠤᠢ ᠵᠡᠷᠭᠡ ᠴᠢᠭᠯᠡᠯ ᠢᠶᠡᠷ ᠬᠠᠮᠲᠤᠷᠠᠭᠰᠠᠨ ᠲᠥᠰᠦᠯ ᠦᠳ ᠢ ᠬᠡᠷᠡᠭᠵᠢᠭᠦᠯᠬᠦ ᠳᠥ ᠪᠢᠳᠡ ᠣᠨᠴᠠᠭᠠᠢ ᠠᠴᠢ ᠬᠣᠯᠪᠣᠭᠳᠠᠯ ᠥᠭᠳᠡᠭ᠃

《ᠣᠷᠣᠰ-ᠮᠣᠩᠭ᠋ᠣᠯ ᠤᠨ ᠰᠠᠨᠠᠭᠠᠴᠢᠯᠠᠭ᠎ᠠ-2018》 ᠍ ᠤᠨ ᠬᠦᠷᠢᠶᠡᠨ ᠳᠥ ᠵᠣᠬᠢᠶᠠᠨ ᠪᠠᠢᠢᠭᠤᠯᠤᠭᠳᠠᠵᠤ ᠪᠤᠢ ᠠᠷᠭ᠎ᠠ ᠬᠡᠮᠵᠢᠶ᠎ᠡ ᠨᠦᠭᠦᠳ ᠨᠢ ᠬᠠᠷᠢᠯᠴᠠᠨ ᠶᠠᠷᠢᠯᠴᠠᠬᠤ ᠰᠠᠢᠢᠬᠠᠨ ᠪᠣᠯᠤᠮᠵᠢ ᠢᠢ ᠮᠠᠨ ᠤ ᠬᠣᠶᠠᠷ ᠤᠯᠤᠰ ᠤᠨ ᠲᠥᠪ ᠪᠣᠯᠤᠨ ᠣᠷᠣᠨ ᠨᠤᠲᠤᠭ ᠤᠨ ᠡᠷᠬᠡ ᠪᠠᠷᠢᠭᠴᠢᠳ᠂ ᠪᠢᠽᠢᠨ᠋᠋ᠧᠰ ᠦᠨ ᠬᠦᠷᠢᠶᠡᠨ ᠦ ᠬᠢᠨ ᠪᠣᠯᠤᠨ ᠣᠯᠠᠨ ᠨᠡᠢᠢᠲᠡ ᠢᠢᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠲᠥ ᠣᠯᠭᠣᠬᠤ ᠶᠤᠮ᠃ ᠲᠠ ᠪᠦᠬᠦᠨ ᠦ ᠠᠭᠤᠯᠵᠠᠯᠲᠠ ᠣᠷᠣᠰ-ᠮᠣᠩᠭ᠋ᠣᠯ ᠤᠨ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ ᠪᠣᠯᠤᠨ ᠠᠵᠤ ᠦᠢᠯᠡᠳᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠣᠯᠠᠨ ᠠᠰᠠᠭᠤᠳᠠᠯ ᠢ ᠨᠤᠬᠤᠴᠠᠲᠠᠢ ᠬᠡᠯᠡᠯᠴᠡᠬᠦ ᠪᠣᠯᠤᠮᠵᠢ ᠣᠯᠭᠤᠵᠤ᠂ ᠬᠠᠷᠢᠯᠴᠠᠨ ᠠᠰᠢᠭᠲᠠᠢ ᠰᠢᠨ᠎ᠡ ᠭᠡᠷ᠎ᠡ ᠬᠡᠯᠡᠴᠡᠯ ᠦᠳ ᠪᠠᠢᠢᠭᠤᠯᠬᠤ᠂ ᠰᠢᠨᠵᠢᠯᠡᠬᠦ ᠤᠬᠠᠭᠠᠨ ᠲᠧᠭᠨᠢᠭ ᠦᠨ ᠳᠡᠪᠰᠢᠯᠲᠡᠲᠦ ᠣᠯᠤᠯᠲᠠ ᠪᠣᠯᠤᠨ ᠮᠡᠷᠭᠡᠵᠢᠯ ᠦᠨ ᠲᠤᠷᠰᠢᠯᠭ᠎ᠠ ᠰᠣᠯᠢᠯᠴᠠᠬᠤ ᠳᠤ ᠲᠤᠰᠠ ᠳᠥᠬᠥᠮ ᠦᠵᠡᠭᠦᠯᠦᠨ᠎ᠡ ᠭᠡᠳᠡᠭ ᠲᠥ ᠢᠲᠡᠭᠡᠯᠲᠡᠢ ᠪᠠᠢᠢᠨ᠎ᠠ᠃

ᠲᠠ ᠪᠦᠬᠦᠨ ᠳᠥ ᠴᠢᠩ ᠰᠡᠳᠬᠢᠯ ᠡᠴᠡ ᠪᠡᠨ ᠠᠮᠵᠢᠯᠲᠠ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠵᠦ ᠪᠠᠢᠢᠨ᠎ᠠ》 ᠭᠡᠵᠡᠢ᠃