Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍ ᠤᠨ ᠶᠡᠷᠦᠩᠬᠡᠶᠢᠯᠡᠭᠴᠢ ᠠ᠊ ∙ ᠭ᠋ᠷ‍ ∙ ᠯᠤᠢᠺᠠᠱᠧᠨ᠋ᠺᠣ ᠲᠠᠢ ᠠᠭᠤᠯᠵᠠᠯ᠎ᠠ

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠬᠤ ᠪᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠣ᠋ ᠬᠣᠲᠠ ᠳᠤ ᠬᠦᠷᠦᠯᠴᠡᠨ ᠢᠷᠡᠭᠡᠳ ᠪᠠᠢᠢᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍ ᠤᠨ ᠶᠡᠷᠦᠩᠬᠡᠢᠢᠯᠡᠭᠴᠢ ᠠᠯᠧᠺᠰᠠᠨ᠋ᠳ᠋ᠷ ᠭᠷᠢᠭᠣᠷᠢᠶᠧᠸᠢᠴ ᠯᠤᠢᠺᠠᠱᠧᠨ᠋ᠺᠣ ᠲᠠᠢ ᠠᠭᠤᠯᠵᠠᠪᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠭᠤᠯᠵᠠᠯᠲᠠ ᠢᠢᠨ ᠡᠬᠢᠨ ᠳᠥ ᠮᠠᠨ ᠤ ᠤᠯᠤᠰ ᠳᠠᠯᠠᠢ ᠳᠤ ᠭᠠᠷᠤᠴᠠ ᠦᠭᠡᠢ᠂ ᠴᠥᠭᠡᠨ ᠬᠦᠮᠦᠨ ᠠᠮᠠ ᠲᠠᠢ᠂ ᠬᠣᠶᠠᠷ ᠲᠣᠮᠣ ᠬᠥᠷᠰᠢ ᠢᠢᠨ ᠳᠤᠮᠳᠠ ᠣᠷᠣᠰᠢᠳᠠᠭ ᠣᠨᠴᠠᠯᠢᠭ ᠲᠠᠢ ᠤᠯᠤᠰ ᠬᠡᠮᠡᠭᠡᠳ ᠲᠤᠰ ᠤᠯᠤᠰ ᠲᠠᠢ ᠪᠣᠯᠤᠮᠵᠢᠲᠤ ᠪᠦᠬᠦᠢ ᠯᠠ ᠰᠠᠯᠪᠤᠷᠢ ᠳᠤ ᠬᠠᠮᠲᠤᠷᠠᠨ ᠠᠵᠢᠯᠯᠠᠬᠤ ᠰᠣᠨᠢᠷᠬᠠᠯᠲᠠᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍᠍ ᠤᠨ ᠶᠡᠷᠦᠩᠬᠡᠢᠢᠯᠡᠭᠴᠢ ᠠ᠊ ∙ ᠭ᠋ᠷ‍ ∙ ᠯᠤᠢᠺᠠᠱᠧᠨ᠋ᠺᠣ《ᠮᠠᠨ ᠤ ᠤᠯᠤᠰ ᠣᠷᠣᠰ ᠤᠨ ᠬᠣᠯᠪᠣᠭᠠᠨ ᠤ ᠤᠯᠤᠰ ᠪᠣᠯᠤᠨ ᠧᠦ᠋ᠷᠣᠫᠠ ᠭᠡᠰᠡᠨ ᠬᠣᠶᠠᠷ ᠲᠣᠮᠣ ᠵᠠᠬ᠎ᠠ ᠵᠡᠭᠡᠯᠢ ᠢᠢᠨ ᠳᠤᠮᠳᠠ ᠣᠷᠣᠰᠢᠳᠠᠭ ᠤᠴᠢᠷ ᠠᠴᠠ 《ᠠᠪᠤᠷᠭᠤ ᠨᠤᠭᠤᠳ ᠤᠨ》 ᠳᠤᠮᠳᠠ ᠣᠷᠣᠰᠢᠳᠠᠭ ᠡᠨᠡ ᠪᠠᠢᠢᠳᠠᠯ ᠢᠶᠠᠨ ᠳᠠᠪᠠᠭᠤ ᠲᠠᠯ᠎ᠠ ᠪᠣᠯᠭᠠᠨ ᠠᠰᠢᠭᠯᠠᠬᠤ ᠬᠡᠷᠡᠭᠲᠡᠢ᠃ ᠮᠠᠨ ᠤ ᠳᠤ ᠮᠣᠩᠭ᠋ᠣᠯ ᠤᠯᠤᠰ ᠰᠢᠭ ᠪᠠᠢᠢᠭᠠᠯᠢ ᠢᠢᠨ ᠪᠠᠶᠠᠯᠢᠭ ᠪᠠᠢᠢᠬᠤ ᠦᠭᠡᠢ᠃ ᠪᠢᠳᠡ ᠦᠢᠯᠡᠳᠪᠦᠷᠢᠯᠡᠭᠴᠢ ᠣᠷᠣᠨ᠃ ᠲᠠ ᠪᠦᠬᠦᠨ ᠲᠡᠢ ᠪᠡᠨ ᠡᠨᠡ ᠲᠠᠯ᠎ᠠ ᠢᠢᠨ ᠲᠤᠷᠰᠢᠯᠭ᠎ᠠ ᠪᠠᠨ ᠬᠤᠪᠢᠶᠠᠯᠴᠠᠬᠤ ᠳᠤ ᠪᠡᠯᠡᠨ ᠪᠠᠢᠢᠨ᠎ᠠ᠃ ᠮᠥᠨ ᠮᠣᠩᠭ᠋ᠣᠯ ᠲᠠᠮᠢᠷᠴᠢᠳ ᠤᠨ ᠳᠠᠢᠢᠴᠢᠨ ᠴᠢᠨᠠᠷ ᠠᠴᠠ ᠮᠠᠨ ᠤ ᠲᠠᠮᠢᠷᠴᠢᠳ ᠰᠤᠷᠤᠯᠴᠠᠬᠤ ᠢᠢ ᠬᠦᠰᠡᠳᠡᠭ》 ᠭᠡᠳ ᠬᠣᠶᠠᠷ ᠤᠯᠤᠰ ᠤᠨ ᠲᠠᠮᠢᠷᠴᠢᠳ ᠤᠨ ᠬᠠᠮᠲᠤᠷᠠᠭᠰᠠᠨ ᠪᠡᠯᠡᠳᠬᠡᠯ ᠬᠢᠬᠦ ᠭᠡᠬᠦ ᠮᠡᠲᠦ ᠪᠡᠷ ᠰᠫᠣᠷᠲ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠬᠦᠰᠡᠯ ᠲᠡᠢ ᠪᠠᠢᠢᠭ᠎ᠠ ᠲᠠᠯ᠎ᠠ ᠪᠠᠷ ᠢᠶᠠᠨ ᠳᠤᠷᠠᠳᠪᠠ᠃

 

ᠮᠥᠨ ᠬᠣᠶᠠᠷ ᠣᠷᠣᠨ ᠤ ᠲᠥᠷᠥ ᠢᠢᠨ ᠲᠡᠷᠢᠭᠦᠨ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠤᠨ ᠠᠰᠠᠭᠤᠳᠠᠯ ᠢᠶᠠᠷ ᠰᠠᠨᠠᠯ ᠰᠤᠯᠢᠯᠴᠠᠪᠠ᠃ ᠠ᠊ ∙ ᠭ᠋ᠷ‍ ∙ ᠯᠤᠢᠺᠠᠱᠧᠨ᠋ᠺᠣ《ᠮᠣᠩᠭ᠋ᠣᠯ ᠤᠯᠤᠰ ᠶᠡᠬᠡ ᠤᠷᠲᠤ ᠬᠤᠭᠤᠴᠠᠭᠠᠨ ᠳᠤ ᠠᠵᠢᠭᠯᠠᠭᠴᠢ ᠪᠠᠢᠢᠭᠰᠠᠨ᠂ ᠡᠢᠢᠮᠦ ᠬᠠᠰᠢᠷ ᠪᠠᠢᠢᠬᠤ ᠨᠢ ᠵᠥᠪ᠃ ᠮᠠᠨ ᠤ ᠤᠯᠤᠰ ᠤᠨ ᠬᠤᠪᠢ ᠳᠤ ᠠᠵᠢᠭᠯᠠᠭᠴᠢ ᠪᠠᠷ ᠣᠷᠣᠭᠠᠳ ᠤᠳᠠᠭ᠎ᠠ ᠦᠭᠡᠢ ᠪᠠᠢᠢᠨ᠎ᠠ᠃ ᠭᠡᠬᠦ ᠳᠥ ᠪᠡᠨ ᠮᠢᠨᠦ ᠪᠣᠳᠣᠯ ᠢᠶᠠᠷ ᠮᠣᠩᠭ᠋ᠣᠯ ᠤᠯᠤᠰ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠳᠥ ᠡᠯᠡᠰᠦᠯ᠎ᠡ ᠭᠡᠬᠦ ᠳᠥ ᠠᠯᠳᠠᠬᠤ ᠶᠤᠮ ᠪᠠᠢᠢᠬᠤ ᠦᠭᠡᠢ᠂ ᠬᠠᠷᠢᠨ ᠴᠤ ᠡᠳ᠋ ᠍ ᠦᠨ ᠵᠠᠰᠠᠭ ᠤᠨ ᠬᠤᠪᠢ ᠳᠤ ᠠᠪᠬᠤ ᠶᠤᠮ ᠶᠡᠬᠡ ᠪᠠᠢᠢᠭ᠎ᠠ》 ᠭᠡᠯ᠎ᠡ᠃

 

ᠬᠣᠶᠠᠷ ᠤᠯᠤᠰ ᠴᠢᠨᠠᠭᠰᠢᠳᠠ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠦᠢᠯᠡᠳᠪᠦᠷᠢᠯᠡᠯ᠂ ᠬᠥᠳᠡᠭᠡ ᠠᠵᠤ ᠠᠬᠤᠢ ᠢᠢᠨ ᠰᠠᠯᠪᠤᠷᠢ ᠳᠤ ᠪᠣᠳᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠠᠯ᠎ᠠ ᠪᠠᠷ ᠲᠥᠷᠥ ᠢᠢᠨ ᠲᠡᠷᠢᠭᠦᠨ ᠨᠠᠷ ᠳᠡᠯᠭᠡᠷᠡᠩᠭᠦᠢ ᠶᠠᠷᠢᠯᠴᠠᠪᠠ᠃

 

ᠪᠠᠲᠤᠲᠤᠯᠭ᠎ᠠ ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍᠍ ᠤᠨ ᠶᠡᠷᠦᠩᠬᠡᠢᠢᠯᠡᠭᠴᠢ ᠠ᠊ ∙ ᠭ᠋ᠷ‍ ∙ ᠯᠤᠢᠺᠠᠱᠧᠨ᠋ᠺᠣ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠲᠠᠭᠠᠯᠠᠮᠵᠢᠲᠠᠢ ᠴᠠᠭ ᠲᠤ ᠪᠠᠨ ᠲᠤᠰ ᠤᠯᠤᠰ ᠲᠤ ᠠᠢᠢᠯᠴᠢᠯᠠᠬᠤ ᠢᠢ ᠤᠷᠢᠰᠠᠨ ᠶᠤᠮ᠃

 

ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠠᠲᠤᠲᠤᠯᠭ᠎ᠠ ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍᠍ ᠤᠨ ᠶᠡᠷᠦᠩᠬᠡᠢᠢᠯᠡᠭᠴᠢ ᠠ᠊ ∙ ᠭ᠋ᠷ‍ ∙ ᠯᠤᠢᠺᠠᠱᠧᠨ᠋ᠺᠣ ᠢᠢ ᠮᠣᠩᠭ᠋ᠣᠯ ᠤᠯᠤᠰ ᠲᠤ ᠠᠢᠢᠯᠴᠢᠯᠠᠬᠤ ᠢᠢ ᠤᠷᠢᠯ᠎ᠠ᠃