Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠲᠠᠢ ᠠᠭᠤᠯᠵᠠᠯ᠎ᠠ

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠬᠤ ᠪᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠤ᠋ ᠪᠠᠨ ᠬᠣᠲᠠ ᠳᠤ ᠬᠦᠷᠦᠯᠴᠡᠨ ᠢᠷᠡᠭᠡᠳ ᠪᠤᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠲᠠᠢ ᠠᠭᠤᠯᠵᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠨᠠᠷ ᠨᠥᠬᠥᠷᠰᠡᠭ ᠢᠶᠡᠷ ᠮᠡᠨᠳᠦᠴᠢᠯᠡᠵᠦ᠂ ᠬᠣᠶᠠᠷ ᠤᠯᠤᠰ ᠤᠨ ᠬᠠᠷᠢᠯᠴᠠᠭ᠎ᠠ ᠥᠷᠭᠡᠵᠢᠨ ᠲᠡᠯᠡᠵᠦ ᠪᠠᠢᠢᠭ᠎ᠠ ᠳᠤ ᠰᠡᠳᠬᠢᠯ ᠬᠠᠩᠭ᠋ᠠᠯᠤᠭᠤᠨ ᠪᠠᠢᠢᠭ᠎ᠠ ᠪᠠᠨ ᠢᠯᠡᠷᠬᠡᠢᠢᠯᠡᠵᠡᠭᠡᠭ᠍ᠰᠡᠨ ᠶᠤᠮ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠸᠯᠠᠳᠢᠸᠤᠰᠲ᠋ᠣᠺ ᠬᠣᠲᠠ ᠳᠤ ᠠᠭᠤᠯᠵᠠᠵᠤ᠂ ᠲᠣᠬᠢᠷᠠᠯᠴᠠᠭᠰᠠᠨ ᠤ ᠳᠠᠭᠠᠭᠤ ᠪᠣᠯᠤᠭᠰᠠᠨ 《ᠮᠣᠩᠭ᠋ᠣᠯ-ᠣᠷᠣᠰ ᠤᠨ ᠰᠠᠨᠠᠭᠠᠴᠢᠯᠠᠭ᠎ᠠ-2018》 ᠠᠷᠭ᠎ᠠ ᠬᠡᠮᠵᠢᠶ᠎ᠡ ᠠᠮᠵᠢᠯᠲᠠᠲᠠᠢ ᠪᠣᠯᠤᠭᠰᠠᠨ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠮᠥᠨ ᠠᠭᠤᠯᠵᠠᠯᠲᠠ ᠢᠢᠨ ᠦᠶ᠎ᠡ ᠪᠡᠷ ᠣᠨᠴᠠᠯᠠᠨ ᠬᠡᠯᠡᠭᠡᠳ ᠴᠢᠨᠠᠭᠰᠢᠳᠠ ᠪᠠᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠪᠠᠨ᠂ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠴᠢᠭᠯᠡᠯ ᠢᠶᠡᠷ ᠪᠣᠯᠤᠨ ᠪᠦᠬᠦᠢ ᠯᠠ ᠰᠠᠯᠪᠤᠷᠢ ᠳᠤ ᠬᠠᠮᠲᠤᠷᠠᠨ ᠠᠵᠢᠯᠯᠠᠬᠤ ᠬᠦᠰᠡᠯ ᠲᠡᠢ ᠪᠠᠢᠢᠭ᠎ᠠ ᠪᠠᠨ ᠢᠯᠡᠷᠬᠡᠢᠢᠯᠡᠭᠰᠡᠨ᠃ ᠮᠥᠨ ᠬᠣᠶᠠᠷ ᠤᠯᠤᠰ ᠤᠨ ᠬᠤᠪᠢ ᠨᠡᠢᠢᠯᠡᠭᠦᠯᠦᠭᠰᠡᠨ ᠨᠡᠢᠢᠭᠡᠮᠯᠢᠭ᠌ ᠤᠯᠠᠭᠠᠨᠪᠠᠭᠠᠲᠤᠷ ᠤᠨ ᠲᠡᠮᠦᠷ ᠵᠠᠮ ᠤᠨ ᠣᠳᠣ ᠢᠢᠨ ᠳᠡᠳ᠋ ᠪᠦᠲᠦᠴᠡ ᠢᠢ ᠰᠢᠨᠡᠳᠭᠡᠬᠦ ᠠᠵᠢᠯ ᠢ ᠬᠣᠶᠠᠷ ᠤᠯᠤᠰ ᠤᠨ ᠣᠷᠣᠯᠴᠠᠭ᠎ᠠ ᠲᠠᠢ ᠪᠠᠷ ᠡᠬᠢᠯᠡᠭᠦᠯᠵᠦ ᠪᠣᠳᠠᠲᠤ ᠠᠵᠢᠯ ᠬᠡᠷᠡᠭ ᠪᠣᠯᠭᠠᠬᠤ ᠰᠠᠨᠠᠯ ᠲᠠᠯᠪᠢᠭᠰᠠᠨ ᠶᠤᠮ᠃

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠣᠷᠣᠰ ᠤᠨ ᠬᠣᠯᠪᠣᠭᠠᠨ ᠤ ᠤᠯᠤᠰ ᠤᠨ ᠨᠤᠲᠤᠭ ᠢᠶᠠᠷ᠂ ᠲᠡᠮᠦᠷ ᠵᠠᠮ ᠢᠶᠠᠷ ᠳᠠᠭᠠᠷᠢᠨ ᠥᠩᠭᠡᠷᠡᠬᠦ ᠮᠣᠩᠭ᠋ᠣᠯ ᠤᠨ ᠲᠷᠠᠨ᠋ᠽᠢᠲ ᠠᠴᠢᠶᠠᠨ ᠳᠤ ᠲᠠᠷᠢᠹ ᠤᠨ ᠬᠥᠩᠭᠡᠯᠡᠯᠲᠡ ᠦᠵᠡᠭᠦᠯᠬᠦ ᠲᠤᠬᠠᠢ ᠬᠡᠯᠡᠯᠴᠡᠭᠡᠷ ᠲᠥ 《ᠮᠣᠩᠭ᠋ᠣᠯ-ᠣᠷᠣᠰ ᠤᠨ ᠰᠠᠨᠠᠭᠠᠴᠢᠯᠠᠭ᠎ᠠ-2018》 ᠴᠤᠪᠤᠷᠠᠯ ᠠᠷᠭ᠎ᠠ ᠬᠡᠮᠵᠢᠶᠡᠨ ᠦ ᠦᠶ᠎ᠡ ᠪᠡᠷ ᠭᠠᠷ ᠤᠨ ᠦᠰᠦᠭ ᠵᠢᠷᠤᠭᠰᠠᠨ ᠨᠢ ᠮᠣᠩᠭ᠋ᠣᠯ ᠤᠯᠤᠰ ᠤᠨ ᠡᠳ᠋ ᠍ ᠦᠨ ᠵᠠᠰᠠᠭ ᠲᠤ ᠥᠨᠳᠥᠷ ᠠᠴᠢ ᠬᠣᠯᠪᠣᠭᠳᠠᠯ ᠲᠠᠢ ᠭᠡᠵᠦ ᠦᠵᠡᠵᠦ ᠪᠠᠢᠢᠨ᠎ᠠ ᠭᠡᠳ᠂ ᠣᠷᠣᠰ-ᠬᠢᠲᠠᠳ ᠢ ᠬᠤᠯᠪᠤᠬᠤ ᠭᠠᠵᠠᠷ ᠤᠨ ᠲᠣᠰᠣ᠂ ᠪᠠᠢᠢᠭᠠᠯᠢ ᠢᠢᠨ ᠬᠡᠢ ᠢᠢᠨ ᠬᠣᠭᠣᠯᠠᠢ ᠨᠤᠭᠤᠳ ᠢ ᠥᠪᠡᠷ ᠦᠨ ᠨᠤᠲᠤᠭ ᠢᠶᠠᠷ ᠳᠠᠭᠠᠷᠢᠭᠤᠯᠤᠨ ᠥᠩᠭᠡᠷᠡᠭᠦᠯᠬᠦ ᠮᠣᠩᠭ᠋ᠣᠯ ᠤᠨ ᠲᠠᠯ᠎ᠠ ᠢᠢᠨ ᠰᠠᠨᠠᠯ ᠢ ᠳᠡᠮᠵᠢᠵᠦ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠮᠥᠨ ᠢᠷᠡᠬᠦ ᠵᠢᠯ ᠲᠣᠬᠢᠶᠠᠬᠤ ᠬᠠᠯᠬ᠎ᠠ ᠭᠣᠣᠯ ᠤᠨ ᠳᠠᠢᠢᠨ ᠤ ᠢᠯᠠᠯᠲᠠ ᠢᠢᠨ 80 ᠵᠢᠯ ᠦᠨ ᠣᠢ ᠢᠢ ᠬᠠᠮᠲᠤᠷᠠᠨ ᠲᠡᠮᠳᠡᠭᠯᠡᠬᠦ᠂ ᠴᠡᠷᠢᠭ ᠪᠠᠲᠤᠯᠠᠨ ᠬᠠᠮᠠᠭᠠᠯᠠᠬᠤ ᠢᠢᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠬᠦ᠂ ᠬᠥᠳᠡᠭᠡ ᠠᠵᠤ ᠠᠬᠤᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ᠂ ᠲᠣᠨᠣᠭ ᠲᠥᠬᠥᠭᠡᠷᠦᠮᠵᠢ ᠨᠡᠢᠢᠯᠡᠭᠦᠯᠬᠦ ᠪᠣᠯᠤᠮᠵᠢ ᠭᠡᠬᠦ ᠮᠡᠲᠦ ᠣᠯᠠᠨ ᠠᠰᠠᠭᠤᠳᠠᠯ ᠢᠶᠠᠷ ᠲᠠᠯ᠎ᠠ ᠨᠤᠭᠤᠳ ᠰᠠᠨᠠᠯ ᠰᠣᠯᠢᠯᠴᠠᠵᠤ ᠶᠠᠷᠢᠯᠴᠠᠯ᠎ᠠ᠃